ᠠᠷᠢᠬᠢ ᠤᠤᠭᠤᠭᠰᠠᠳ ᠤᠨ ᠡᠯᠢᠭᠡ ᠪᠠᠨ ᠬᠠᠮᠠᠭᠠᠯᠠᠬᠤ ᠠᠷᠭ᠎ᠠ
ᠨᠡᠶᠢᠲᠡᠯᠡᠭᠰᠡᠨ ᠴᠠᠭ᠄
2024/3/10
                 ᠠᠷᠢᠬᠢ ᠤᠤᠭᠤᠬᠤ ᠨᠢ ᠨᠡᠶᠢᠭᠡᠮ ᠤᠨ ᠬᠠᠷᠢᠯᠴᠠᠭᠠᠨ ᠤ ᠴᠢᠬᠤᠯᠠ ᠨᠢᠭᠡᠨ ᠬᠡᠯᠪᠡᠷᠢ ᠪᠣᠯᠬᠤ ᠶᠤᠮ᠃ ᠭᠡᠪᠡᠴᠦ ᠬᠡᠲᠦᠷᠡᠲᠡᠯ᠎ᠡ ᠨᠢ ᠤᠤᠭᠤᠬᠤ ᠨᠢ ᠪᠡᠶᠡᠨ ᠳᠤ ᠬᠤᠣᠷᠲᠠᠢ᠃ ᠲᠡᠭᠡᠪᠡᠯ ᠠᠷᠢᠬᠢ ᠤᠤᠭᠤᠬᠤ ᠠᠴᠠ ᠡᠮᠦᠨ᠎ᠡ ᠶᠠᠮᠠᠷ ᠬᠠᠮᠠᠭᠠᠯᠠᠯᠲᠠ ᠬᠢᠬᠦ ᠡᠰᠡ ᠪᠡᠯ ᠠᠷᠢᠬᠢ ᠤᠤᠭᠤᠭᠰᠠᠨ ᠤ ᠳᠠᠷᠠᠭ᠎ᠠ ᠶᠠᠭᠠᠬᠢᠵᠤ ᠰᠣᠪᠢᠯᠠᠬᠤ ᠲᠤᠬᠠᠢ ᠲᠠᠨᠢᠯᠴᠠᠭᠤᠯᠤᠶ᠎ᠠ᠃      1. ᠤᠰᠤ ᠤᠤᠭᠤᠬᠤ᠃ ᠠᠷᠢᠬᠢ ᠤᠤᠭᠤᠬᠤ ᠠᠴᠠ ᠡᠮᠦᠨ᠎ᠡ ᠨᠢᠭᠡ ᠴᠣᠮᠣ ᠤᠰᠤ ᠤᠤᠭᠤᠪᠠᠯ ᠵᠣᠬᠢᠬᠤ ᠬᠡᠵᠢᠶ᠎ᠡ ᠪᠠᠷ ᠠᠷᠢᠬᠢᠨ ᠤ ᠰᠫᠢᠷᠲ ᠢ ᠰᠡᠷᠭᠡᠶᠢᠯᠡᠬᠦ ᠦᠢᠯᠡᠳᠦᠯ ᠲᠠᠢ᠃ ᠬᠦᠮᠦᠨ ᠤ ᠪᠡᠶᠡᠨ ᠳᠤ ᠤᠰᠤ ᠲᠤᠲᠠᠪᠠᠯ ᠡᠯᠢᠭᠡᠨ ᠳᠤ ᠨᠦᠯᠦᠭᠡ ᠪᠣᠯᠵᠤ᠂ ᠡᠯᠢᠭᠡᠨ ᠤ ᠠᠷᠢᠬᠢᠨ ᠰᠫᠢᠷᠲ ᠢ ᠰᠢᠩᠭᠡᠭᠡᠬᠦ ᠴᠢᠳᠠᠪᠤᠷᠢ ᠶᠢ ᠪᠠᠭᠤᠷᠠᠭᠤᠯᠬᠤ ᠪᠣᠯᠣᠨ᠎ᠠ᠃ ᠡᠶᠢᠮᠦ ᠠᠴᠠ ᠴᠠᠭ ᠲᠤᠬᠠᠢ ᠳᠤ ᠨᠢ ᠤᠰᠤ ᠤᠤᠭᠤᠪᠠᠯ ᠤᠰᠤ ᠨᠦᠬᠦᠪᠦᠷᠢᠯᠡᠵᠦ ᠪᠡᠶᠡᠨ ᠳᠤ ᠬᠢ ᠰᠫᠢᠷᠲ ᠤᠨ ᠬᠡᠮᠵᠢᠶ᠎ᠡ ᠶᠢ ᠪᠠᠭᠠᠰᠬᠠᠵᠤ ᠴᠢᠳᠠᠨ᠎ᠠ᠃      2. ᠠᠶᠢᠷᠠᠭ ᠤᠤᠭᠤᠬᠤ᠃ ᠠᠶᠢᠷᠠᠭ ᠵᠡᠷᠭᠡ ᠰᠦ ᠶᠢᠨ ᠪᠦᠲᠦᠭᠡᠭᠳᠡᠭᠦᠨ ᠬᠤᠳᠤᠭᠠᠳᠤ ᠶᠢᠨ ᠠᠷᠢᠬᠢᠨ ᠰᠫᠢᠷᠲ ᠰᠢᠩᠭᠡᠭᠡᠬᠦ ᠶᠢ ᠪᠠᠭᠠᠰᠬᠠᠵᠤ᠂ ᠬᠤᠣᠷᠲᠤ ᠪᠣᠳᠠᠰ ᠤᠨ ᠪᠡᠶᠡᠨ ᠳᠤ ᠥᠭᠬᠦ ᠨᠦᠯᠦᠭᠡ ᠶᠢ ᠪᠠᠭᠠᠰᠬᠠᠵᠤ ᠴᠢᠳᠠᠬᠤ ᠪᠠᠷ ᠪᠠᠷᠠᠬᠤ ᠦᠭᠡᠢ ᠵᠣᠬᠢᠬᠤ ᠬᠡᠮᠵᠢᠶ᠎ᠡ ᠪᠠᠷ ᠰᠣᠭᠲᠣᠬᠤ ᠶᠢ ᠰᠡᠷᠭᠡᠶᠢᠯᠡᠬᠦ ᠶᠤᠮ᠃      3. ᠪᠣᠣᠪᠤ ᠢᠳᠡᠬᠦ᠃ ᠪᠣᠣᠪᠤ ᠢᠳᠡᠪᠡᠯ ᠠᠷᠢᠬᠢᠨ ᠰᠫᠢᠷᠲ ᠤᠨ ᠬᠤᠳᠣᠭᠤᠳᠤᠨ ᠳᠤ ᠰᠢᠩᠭᠡᠬᠦ ᠶᠢ ᠰᠡᠷᠭᠡᠶᠢᠯᠡᠨ᠎ᠡ᠃ ᠲᠣᠲᠤᠷᠭ᠎ᠠ᠂ ᠮᠢᠶᠠᠨᠪᠤᠤ ᠵᠡᠷᠭᠡ ᠢᠳᠡᠭᠡᠨ ᠴᠦ ᠪᠣᠯᠤᠨ᠎ᠠ᠃ ᠡᠳᠡᠭᠡᠷ ᠢᠳᠡᠭᠡᠨ ᠳᠤ ᠸᠢᠲ᠋ᠠᠮᠢᠨ B ᠠᠭᠤᠯᠤᠭᠳᠠᠬᠤ ᠤᠴᠢᠷ ᠠᠴᠠ ᠡᠯᠢᠭᠡᠨ ᠤ ᠠᠷᠢᠬᠢ ᠰᠢᠩᠭᠡᠭᠡᠬᠦ ᠳᠤ ᠵᠣᠬᠢᠬᠤ ᠦᠢᠯᠡᠳᠦᠯ ᠦᠵᠡᠭᠦᠯᠦᠨ᠎ᠡ᠃      4. ᠪᠠᠯ ᠲᠠᠢ ᠤᠰᠤ ᠤᠤᠭᠤᠬᠤ᠃ ᠠᠷᠢᠬᠢᠨ ᠤ ᠳᠠᠷᠠᠭ᠎ᠠ ᠪᠠᠯ ᠲᠠᠢ ᠤᠰᠤ ᠤᠤᠭᠤᠪᠠᠯ ᠲᠣᠯᠣᠭᠠᠢ ᠡᠪᠡᠳᠬᠦ ᠶᠢ ᠨᠠᠮᠳᠠᠭᠠᠬᠤ ᠦᠢᠯᠡᠳᠦᠯ ᠲᠠᠢ᠃      5. ᠲᠥᠪᠡᠳ ᠬᠠᠰᠢ ᠶᠢᠨ ᠰᠢᠭᠦᠰᠦ ᠤᠤᠭᠤᠬᠤ᠃ ᠠᠷᠢᠬᠢᠨ ᠤ ᠳᠠᠷᠠᠭ᠎ᠠ ᠲᠥᠪᠡᠳ ᠬᠠᠰᠢ ᠶᠢᠨ ᠰᠢᠭᠦᠰᠦ ᠤᠤᠭᠤᠪᠠᠯ ᠲᠣᠯᠣᠭᠠᠢ ᠡᠷᠭᠢᠬᠦ ᠶᠢ ᠵᠣᠭᠰᠤᠭᠠᠬᠤ ᠦᠢᠯᠡᠳᠦᠯ ᠲᠠᠢ᠃      6. ᠰᠣᠷᠭᠤᠭ ᠦᠵᠦᠮ ᠢᠳᠡᠬᠦ᠃ ᠠᠷᠢᠬᠢᠨ ᠤ ᠳᠠᠷᠠᠭ᠎ᠠ ᠰᠣᠷᠭᠤᠭ ᠦᠵᠦᠮ ᠢᠳᠡᠪᠡᠯ ᠪᠦᠭᠡᠯᠵᠢᠬᠦ᠂ ᠬᠤᠳᠤᠭᠠᠳᠤ ᠡᠪ ᠦᠭᠡᠶᠢᠷᠡᠬᠦ ᠶᠢ ᠨᠠᠮᠳᠠᠭᠠᠨ᠎ᠠ᠃      7. ᠲᠠᠷᠪᠤᠰ ᠤᠨ ᠰᠢᠭᠦᠰᠦ ᠤᠤᠭᠤᠬᠤ᠃ ᠠᠷᠢᠬᠢᠨ ᠤ ᠳᠠᠷᠠᠭ᠎ᠠ ᠲᠠᠷᠪᠤᠰ ᠤᠨ ᠰᠢᠭᠦᠰᠦ ᠤᠤᠭᠤᠪᠠᠯ ᠪᠦᠬᠦ ᠪᠡᠶ᠎ᠡ ᠬᠠᠯᠠᠬᠤ ᠶᠢ ᠵᠠᠰᠠᠬᠤ ᠦᠢᠯᠡᠳᠦᠯ ᠲᠠᠢ᠃          
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号