| | - ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ | ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ | ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠳᠥᠷᠪᠠᠨᠲᠡ ᠥᠭᠦᠯᠡᠬᠦ ᠨᠢ | ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠦᠭᠦ ᠤᠯᠤᠰ ᠤᠨ | ᠶᠡᠭᠡ ᠲᠠᠯ᠎ᠠ ᠠᠴᠠ ᠡᠭᠦᠰᠴᠦ᠂ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠢᠷᠡᠬᠦ ᠵᠢᠯ ᠤᠨ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠣᠳᠣᠬᠠᠨ ᠳᠤ ᠬᠠᠷᠠᠯᠲᠠ ᠡᠭᠦᠷᠭᠡ ᠨᠢᠭᠡᠨᠲᠡ ᠲᠣᠭᠲᠠᠵᠤ | ᠂ ᠰᠡᠳᠬᠢᠴᠡ ᠠᠷᠭ᠎ᠠ ᠬᠡᠮᠵᠢᠶ᠎ᠡ ᠨᠢᠭᠡᠨᠲᠡ ᠲᠣᠳᠣᠷᠬᠠᠢ ᠪᠣᠯᠵᠠᠢ᠂ ᠵᠠᠩᠭᠢᠯᠠᠭ᠎ᠠ ᠨᠢ ᠳᠠᠷᠤᠢ ᠱᠠᠯᠠᠪᠳᠠᠨ ᠠᠵᠢᠯᠯᠠᠵᠤ᠂ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠲᠥᠯᠦᠪᠵᠢᠭᠦᠯᠭᠡ ᠶᠢᠨ ᠵᠢᠷᠤᠭ ᠢ ᠪᠠᠷᠢᠯᠭ᠎ᠠ ᠶᠢᠨ ᠵᠢᠷᠤᠭ ᠪᠣᠯᠭᠠᠨ | ᠬᠤᠪᠢᠷᠠᠭᠤᠯᠵᠤ᠂ ᠴᠠᠭ ᠤᠨ ᠬᠦᠰᠦᠨᠦᠭᠲᠦ ᠶᠢ ᠵᠠᠮ ᠤᠨ ᠬᠦᠰᠦᠨᠦᠭᠲᠦ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ | ᠠᠵᠢᠯ ᠦᠢᠯᠡᠰ ᠤᠨ ᠥᠷᠨᠢᠩᠭᠦᠢ ᠬᠥᠭᠵᠢᠯᠲᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠳᠤ ᠪᠤᠢ᠃ | ᠨᠠᠶᠢᠳᠠᠪᠤᠷᠢᠵᠢᠭᠤᠯᠬᠤ ᠪᠣᠯ ᠠᠯᠢᠪᠠ ᠠᠵᠢᠯ ᠤᠨ ᠠᠮᠢᠨ ᠰᠤᠳᠠᠰᠤ ᠮᠥᠨ᠃ ᠨᠠᠶᠢᠳᠠᠪᠤᠷᠢᠵᠢᠭᠤᠯᠬᠤ ᠴᠢᠳᠠᠪᠤᠷᠢ | ᠪᠠ ᠲᠦᠪᠰᠢᠨ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠲᠣᠭᠲᠠᠭᠠᠵᠤ᠂ ᠴᠢᠨᠠᠷ | ᠰᠠᠶᠢᠲᠠᠢ ᠬᠥᠭᠵᠢᠯᠲᠡ ᠶᠢᠨ ᠶᠠᠰᠤ ᠴᠢᠨᠠᠷ ᠢ ᠲᠣᠭᠲᠠᠭᠠᠳᠠᠭ᠃ ᠥᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ | ᠶᠡᠷᠦ ᠪᠤᠰᠤ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠨᠢᠭᠡᠨ ᠲᠤᠶᠢᠯ ᠤᠨ ᠴᠢᠬᠤᠯᠠ | ᠲᠠᠯ᠎ᠠ ᠨᠢ ᠳᠠᠷᠤᠢ ᠤᠮᠠᠷᠠᠲᠤ ᠬᠢᠯᠢ ᠶᠢᠨ ᠬᠥᠪᠡᠭᠦᠳ ᠥᠬᠢᠳ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ | ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ ᠠᠮᠵᠢᠯᠲᠠ ᠪᠦᠲᠦᠮᠵᠢ ᠭᠠᠷᠭᠠᠭᠰᠠᠨ ᠳᠤ ᠪᠠᠶᠢᠨ᠎ᠠ᠃ ᠢᠷᠡᠭᠡᠳᠦᠢ ᠳᠤ ᠬᠠᠨᠳᠤᠬᠤ ᠳᠠᠭᠠᠨ᠂ | ᠲᠥᠷᠥ ᠶᠢᠨ ᠪᠣᠳᠣᠯᠭ᠎ᠠ ᠶᠢᠨ ᠠᠵᠠ ᠲᠣᠭᠢᠶᠠᠯ ᠢ ᠪᠠᠲᠤ ᠡᠵᠡᠮᠳᠡᠨ᠂ ᠠᠯᠬᠤᠮ ᠠᠯᠬᠤᠮ ᠢᠶᠠᠷ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠢᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠡᠷᠬᠡᠪᠰᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠠᠳᠬᠤᠨ᠂ | ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ | ᠨᠠᠶᠢᠳᠠᠪᠤᠷᠢᠵᠢᠭᠤᠯᠬᠤ ᠶᠢ ᠠᠳᠬᠤᠵᠤ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠬᠤ ᠶᠢ | ᠠᠳᠬᠤᠬᠤ ᠬᠡᠷᠡᠭᠲᠡᠢ᠃ ᠪᠦᠭᠦ ᠣᠷᠣᠨ ᠳᠠᠶᠠᠭᠠᠷ ︽ᠰᠢᠪᠲᠤᠯᠤᠯᠲᠠ ᠬᠢᠬᠦ︾ ᠵᠣᠷᠢᠭ ᠰᠠᠨᠠᠭ᠎ᠠ᠂ ︽ᠡᠭᠦᠳᠦᠨ | ᠪᠦᠲᠦᠭᠡᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠷ ᠬᠠᠷᠠᠯᠲᠠ ᠪᠠᠨ ᠴᠢᠩᠭ᠎ᠠ ᠣᠨᠢᠯᠠᠵᠤ᠂ ᠦᠨᠡᠨ ᠬᠦ | ᠠᠳᠬᠤᠨ ᠪᠣᠳᠠᠲᠠᠢ ᠠᠵᠢᠯᠯᠠᠵᠤ ᠬᠥᠭᠵᠢᠯᠲᠡ ᠶᠢ ᠠᠬᠢᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ | ᠨᠡᠩ ᠶᠡᠭᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ | ᠨᠠᠮ ᠤᠨ ᠲᠥᠪ ᠬᠤᠷᠢᠶ᠎ᠠ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠨᠤᠮᠵᠢᠲᠠᠢ | ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ᠵᠢᠷᠤᠭ ᠲᠥᠰᠥᠪ ᠨᠢᠭᠡᠨᠲᠡ ᠵᠢᠷᠤᠭᠯᠠᠭᠳᠠᠪᠠ᠂ ᠰᠠᠯᠬᠢ ᠳᠠᠪᠠᠯᠭᠠᠨ ᠢ ᠵᠦᠰᠦᠨ ᠤᠷᠤᠭᠰᠢᠯᠠᠬᠤ ᠬᠡᠷᠡᠭᠲᠡᠢ᠂ | ᠭᠦᠨᠳᠦ ᠡᠭᠦᠷᠭᠡ ᠶᠢ ᠡᠭᠦᠷᠭᠡᠯᠡᠬᠦᠶᠡ᠂ ᠨᠡᠩ ᠴᠤ ᠬᠤᠷᠳᠤᠨ ᠮᠣᠷᠢᠨ ᠳᠤ ᠲᠠᠰᠢᠭᠤᠷ ᠲᠠᠯᠪᠢᠬᠤ ᠬᠡᠷᠡᠭᠲᠡᠢ᠃ ᠡᠨᠡ | ᠵᠢᠯ ᠤᠨ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠺᠠᠳ᠋ᠷ ᠲᠤ ᠪᠤᠢ᠂ ᠦᠨᠳᠦᠰᠦ ᠨᠢ ᠨᠠᠶᠢᠳᠠᠪᠤᠷᠢᠵᠢᠭᠤᠯᠬᠤ ᠳᠤ | ᠲᠦᠰᠢᠭᠯᠡᠨ᠎ᠡ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠢᠲᠡᠭᠡᠯ ᠵᠣᠷᠢᠭ ᠢᠶᠠᠨ ᠨᠡᠮᠡᠭᠳᠡᠭᠦᠯᠵᠦ᠂ ︽ᠪᠢ ᠬᠥᠮᠥᠨ ᠢ ᠬᠦᠷᠬᠦ ᠦᠭᠡᠢ︾ ᠭᠡᠬᠦ ᠪᠤᠳᠤᠯ ᠢᠶᠠᠨ ᠡᠷᠡᠰ | ᠲᠠᠶᠠᠭᠳᠠᠨ᠂ ᠲᠦᠷᠭᠡᠪᠴᠢᠯᠡᠨ ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠦᠷᠢᠯᠡᠬᠦ ᠳᠤᠮᠳᠠ | ᠬᠥᠭᠵᠢᠯᠲᠡ ᠶᠢᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠵᠣᠷᠢᠭᠲᠠᠢ ᠰᠡᠳᠬᠢᠵᠦ | ᠵᠣᠷᠢᠭᠲᠠᠢ ᠬᠢᠵᠦ᠂ ︽ᠠᠮᠵᠢᠯᠲᠠ ᠠᠨᠤ ᠭᠠᠭᠴᠠ ᠮᠢᠨᠤ ᠭᠠᠪᠢᠶ᠎ᠠ ᠪᠤᠰᠤ᠂ ᠠᠮᠵᠢᠯᠲᠠ ᠳᠤ ᠬᠦᠷᠬᠦ ᠳᠤ ᠯᠠᠪᠲᠠᠢ ᠪᠢ | ᠪᠠᠶᠢᠬᠤ︾ ᠬᠠᠷᠢᠭᠤᠴᠠᠯᠭ᠎ᠠ ᠡᠭᠦᠷᠭᠡᠯᠡᠯ ᠢᠶᠠᠷ᠂ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ | ᠲᠠᠯᠪᠢᠵᠤ᠂ ᠤᠷᠤᠭᠰᠢᠯᠠᠵᠤ ᠴᠢᠳᠠᠪᠠᠯ ᠳᠠᠷᠤᠢ ᠤᠷᠤᠭᠰᠢ ᠪᠠᠨ ᠲᠡᠮᠡᠦᠯᠦᠨ᠂ ᠢᠯᠡᠭᠦᠬᠡᠨ ᠬᠢᠵᠦ ᠴᠢᠳᠠᠪᠠᠯ ᠢᠯᠡᠭᠦᠦ | ᠬᠢᠬᠦ ᠬᠡᠷᠡᠭᠲᠡᠢ᠃ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠤᠨᠤᠯ ᠲᠦᠷᠦ ᠶᠢᠨ ᠪᠣᠳᠣᠯᠭ᠎ᠠ ᠶᠢᠨ | ᠰᠤᠷᠤᠯᠴᠠᠯᠭ᠎ᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠦᠨᠡᠨ ᠬᠦ ᠭᠦᠨᠵᠡᠭᠡᠢ | ᠰᠤᠷᠤᠯᠴᠠᠨ ᠨᠡᠪᠳᠡᠷᠡᠳᠡᠯ᠎ᠠ ᠣᠶᠢᠯᠠᠭᠠᠵᠤ᠂ ᠮᠡᠷᠭᠡᠵᠢᠯᠲᠡᠨ ᠪᠤᠯᠬᠤ ᠪᠠᠷ ᠴᠢᠷᠮᠠᠶᠢᠬᠤ ᠬᠡᠷᠡᠭᠲᠡᠢ᠃ ᠵᠠᠬ᠎ᠠ ᠳᠡᠯᠭᠡᠭᠦᠷ ᠤᠨ | ᠵᠢᠮ᠎ᠡ ᠶᠣᠰᠣ ᠶᠢ ᠬᠦᠨᠳᠦᠳᠬᠡᠨ᠂ ᠠᠯᠢᠪᠠ ᠪᠦᠭᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠥᠭᠡᠷᠡᠴᠢᠯᠡᠯᠲᠡ | ᠬᠢᠬᠦ ᠪᠠ ᠪᠤᠷᠤᠭᠤ ᠶᠢ ᠵᠠᠯᠠᠷᠠᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠭᠰᠡᠨ | ᠰᠡᠳᠬᠢᠬᠦᠢ ᠪᠠᠷ ᠠᠵᠢᠯ ᠤᠨ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠬᠦ ᠬᠡᠷᠡᠭᠲᠡᠢ᠃ ᠠᠵᠢᠯᠴᠢ ᠠᠷᠪᠢᠴᠢ ᠪᠠᠷ ᠠᠵᠤ | ᠲᠦᠷᠦᠭᠦ ᠶᠢ ᠪᠠᠷᠢᠮᠲᠠᠯᠠᠵᠤ᠂ ᠨᠠᠷᠢᠯᠠᠵᠤ ᠭᠠᠮᠨᠠᠵᠤ ᠠᠮᠢᠳᠤᠷᠠᠬᠤ ᠳᠤ ᠳᠠᠳᠴᠤ᠂ ︽ᠲᠠᠪᠤ ᠶᠢ ᠲᠤᠶᠢᠯᠪᠤᠷᠢᠲᠠᠢ | ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ᠃ ᠠᠶᠤᠯ ᠲᠦᠭᠰᠢᠭᠦᠷᠢ ᠶᠢᠨ ᠬᠤᠷᠢᠭ᠎ᠠ | ᠱᠤᠭᠤᠮ ᠢ ᠪᠠᠲᠤ ᠰᠠᠬᠢᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ | ᠰᠠᠶᠢᠨ ᠬᠤᠷᠰᠢᠯᠴᠠᠯ ᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠰᠢᠨ᠎ᠡ ᠠᠶᠠᠨ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠥᠷᠢᠰᠦᠯᠳᠦᠭᠡᠨ᠂ ᠡᠭᠦᠷᠭᠡ ᠬᠡᠳᠦᠢ ᠬᠦᠨᠳᠦ ᠪᠣᠯ | ᠡᠭᠦᠷᠭᠡᠯᠡᠬᠦ ᠬᠥᠮᠥᠨ ᠢ ᠲᠡᠳᠦᠢ ᠬᠠᠶᠢᠷᠠᠯᠠᠬᠤ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠳᠤ ᠠᠰᠢᠭᠲᠠᠢ ᠰᠠᠶᠢᠨ | ᠰᠠᠶᠢᠬᠠᠨ ᠣᠷᠴᠢᠨ ᠨᠥᠬᠦᠴᠡᠯ ᠢ ᠢᠳᠡᠪᠬᠢᠲᠡᠢ ᠪᠤᠢ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠨᠠᠶᠢᠳᠠᠪᠤᠷᠢᠵᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠨ᠂ ᠡᠯ᠎ᠡ ᠱᠠᠲᠤᠨ ᠤ ᠺᠠᠳ᠋ᠷ ᠤᠨ | ᠨᠠᠶᠢᠳᠠᠪᠤᠷᠢᠵᠢᠭᠤᠯᠤᠯᠲᠠ ᠶᠢ ᠠᠳᠬᠤᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ | ᠬᠥᠭᠵᠢᠭᠡᠬᠦ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ | ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ︽ᠭᠤᠷᠪᠠ ᠶᠢ ᠢᠯᠭᠠᠬᠤ︾ ᠶᠢ | ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠥᠷᠭᠡᠨ ᠤᠯᠠᠨ ᠺᠠᠳ᠋ᠷᠴᠤᠳ ᠢ ᠨᠢᠭᠡ ᠰᠡᠳᠬᠢᠯ ᠨᠢᠭᠡ ᠵᠣᠷᠢᠭ ᠢᠶᠠᠷ | ᠬᠥᠭᠵᠢᠭᠦᠯᠬᠦ ᠶᠢ ᠪᠣᠳᠣᠯᠬᠢᠯᠠᠨ᠂ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠦᠢᠯᠡᠰ ᠪᠦᠲᠦᠭᠡᠬᠦ ᠪᠤᠯᠭᠠᠬᠤ ᠬᠡᠷᠡᠭᠲᠡᠢ | ᠃ ᠡᠯ᠎ᠡ ᠱᠠᠲᠤᠨ ᠤ ᠺᠠᠳ᠋ᠷ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ᠂ ᠬᠥᠭᠵᠢᠯᠲᠡ ᠶᠢᠨ ᠬᠦᠨᠳᠦ | ᠡᠭᠦᠷᠭᠡ ᠶᠢ ᠵᠣᠷᠢᠭᠲᠠᠢ ᠪᠠᠷ ᠡᠭᠦᠷᠭᠡᠯᠡᠨ᠂ ᠲᠡᠳᠡᠨ ᠤ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ | ᠲᠡᠮᠡᠴᠡᠯ ᠤᠨ ᠵᠣᠷᠢᠭ᠂ ᠡᠷᠡᠮᠡᠬᠡᠶᠢᠯᠡᠨ ᠤᠷᠤᠭᠰᠢᠯᠠᠬᠤ ᠣᠪᠣᠷ ᠪᠠᠶᠢᠳᠠᠯ ᠢᠶᠠᠷ ᠢᠷᠠᠭᠤ ᠠᠯᠳᠠᠷ ᠲᠠᠢ᠂ ᠬᠦᠨᠳᠦ | ᠴᠢᠬᠤᠯᠠ ᠠᠮᠵᠢᠯᠲᠠ ᠪᠦᠲᠦᠮᠵᠢ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ | ᠰᠢᠨ᠎ᠡ ᠨᠢᠭᠡ ᠵᠢᠯ ᠪᠣᠯ ᠥᠷᠢᠰᠦᠯᠳᠦᠭᠡᠨ ᠢᠶᠠᠷ ᠳᠦᠭᠦᠷᠡᠩ ᠪᠥᠭᠡᠳ ᠠᠵᠠ ᠲᠣᠭᠢᠶᠠᠯ ᠪᠠ ᠬᠦᠰᠡᠯ | ᠡᠷᠡᠮᠡᠯᠵᠡᠯ ᠢᠶᠠᠷ ᠳᠦᠭᠦᠷᠡᠩ ᠨᠢᠭᠡ ᠵᠢᠯ ᠮᠥᠨ᠃ ᠤᠷᠤᠭᠰᠢᠯᠠᠯᠲᠠ ᠶᠢᠨ ᠵᠠᠮ ᠳᠡᠭᠡᠷ᠎ᠡ᠂ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠩᠭ᠎ᠠ | ᠠᠳᠬᠤᠨ ᠲᠦᠷᠭᠡᠨ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠰᠡᠳᠬᠢᠨ ᠵᠣᠷᠢᠭᠲᠠᠢ | ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠡᠨᠡ ᠨᠢᠭᠡ ᠵᠢᠯ ᠤᠨ | ᠠᠵᠢᠯ ᠢᠶᠠᠨ ᠴᠢᠷᠮᠠᠶᠢᠨ ᠰᠠᠶᠢᠲᠤᠷ ᠬᠢᠵᠦ᠂ ᠴᠤᠴᠠᠯᠲᠠ ᠦᠭᠡᠢ ᠤᠷᠤᠭᠰᠢᠯᠠᠨ ᠰᠢᠨ᠎ᠡ ᠵᠠᠮ ᠢ ᠨᠡᠭᠡᠭᠡᠵᠦ᠂ ᠳᠤᠮᠳᠠ | ᠲᠦᠪᠰᠢᠨ ᠳᠤ ᠳᠠᠪᠰᠢᠨ ᠣᠷᠣᠬᠤ ᠪᠠᠷ ᠴᠢᠷᠮᠠᠶᠢᠪᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠥᠪᠥᠷ ᠮᠣᠩᠭᠤᠯ ᠤᠨ ᠦᠢᠯᠡᠳᠦᠯᠭᠡ ᠳᠤ ᠥᠷᠨᠢᠩᠭᠦᠢ ᠬᠥᠭᠵᠢᠯᠲᠡ ᠶᠢᠨ ᠪᠠᠶᠢᠳᠠᠯ | ᠭᠠᠷᠬᠤ ᠨᠢ ᠯᠠᠪᠲᠠᠢ᠃ | | |