| | | | 2023ᠣᠨ ᠪ᠊ ᠠᠮᠵᠢᠯᠲᠠ ᠪᠦᠳᠤᠮᠵᠢ | ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠡᠭᠢᠯᠡᠯᠲᠡ ᠶᠢᠨ ᠵᠢᠯ ᠶᠤᠮ᠃ ᠭᠤᠷᠪᠠᠨ ᠵᠢᠯ ᠳᠡᠯᠭᠡᠷᠡᠭᠰᠡᠨ ᠰᠢᠨ᠎ᠡ | ᠲᠢᠲᠢᠮᠯᠢᠭ ᠬᠢᠵᠢᠭ ᠢ ᠰᠡᠷᠭᠡᠶᠢᠯᠡᠨ ᠬᠢᠵᠠᠭᠠᠷᠯᠠᠵᠤ ᠥᠩᠭᠡᠷᠡᠭᠦᠯᠦᠭᠰᠡᠨ ᠤ ᠳᠠᠷᠠᠭᠠᠬᠢ ᠠᠵᠤ ᠠᠬᠤᠢ ᠰᠡᠷᠭᠦᠨ | ᠬᠥᠭᠵᠢᠭᠰᠡᠨ ᠨᠢᠭᠡ ᠵᠢᠯ ᠮᠥᠨ᠂ ᠪᠠᠰᠠ ᠴᠤ ᠠᠯᠠᠱᠠ ᠶᠢᠨ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠣᠨᠴᠠᠭᠠᠶ | ᠪᠥᠭᠡᠳ ᠶᠡᠷᠦ ᠪᠤᠰᠤ ᠶᠢᠨ ᠨᠢᠭᠡ ᠵᠢᠯ ᠪᠠᠶᠢᠭ᠎ᠠ ᠶᠤᠮ᠃ ᠨᠢᠭᠡ ᠵᠢᠯ ᠤᠨ ᠲᠤᠷᠰᠢ᠂ ᠪᠢᠳᠡ ᠠᠶᠢᠮᠠᠭ ᠤᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠦᠨ᠂ ᠬᠦᠴᠢᠷᠳᠡᠯ ᠥᠷᠢᠰᠦᠯᠳᠦᠭᠡᠨ ᠢ ᠢᠯᠠᠨ ᠳᠠᠪᠠᠵᠤ᠂ ᠳᠠᠪᠠᠭᠤᠯᠢᠭ ᠢᠶᠠᠨ | ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠠᠭᠤᠷᠢ ᠪᠠᠨ ᠪᠠᠬᠢᠵᠢᠭᠦᠯᠦᠨ᠂ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠦᠭᠦ ᠵᠢᠯ ᠤᠨ ᠡᠯ᠎ᠡ | ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠡᠢ᠃ | ᠨᠢᠭᠡ᠂ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠪᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠᠨ | ᠪᠣᠯᠭᠠᠨ᠂ ᠶᠡᠷᠦᠩᠬᠡᠢ ᠱᠦᠵᠢ ᠶᠢᠨ ᠨᠢᠳᠤᠨᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠶᠡᠷᠦᠩᠬᠡᠢ ᠱᠦᠵᠢ ᠶᠢᠨ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠠᠯᠠᠱᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ | ᠪᠦᠭᠦ ᠠᠶᠢᠮᠠᠭ ᠢᠶᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠡᠩ ᠡᠷᠡᠰ ᠪᠠᠲᠤᠳᠬᠠᠬᠤ ᠶᠢ ᠪᠡᠶᠡᠯᠡᠭᠦᠯᠵᠡᠢ᠃ | ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠭᠤᠣᠯ ᠰᠡᠳᠦᠪ ᠭᠤᠣᠯ | ᠱᠤᠭᠤᠮ ᠲᠠᠢ ᠨᠢᠭᠲᠠ ᠤᠶᠠᠯᠳᠤᠭᠤᠯᠤᠨ᠂ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠠᠳᠬᠤᠵᠤ᠂ ᠦᠨᠡᠨ ᠪᠣᠳᠠᠲᠠᠢ | ᠪᠠᠶᠢᠴᠠᠭᠠᠨ ᠰᠤᠳᠤᠯᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠨᠢᠭᠡ ᠪᠦᠯᠦᠭ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠪᠠ ᠤᠯᠠᠨ ᠲᠦᠮᠡᠨ ᠤ ︽ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ︾ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠵᠤ᠂ | ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠦᠨ᠂ ᠰᠤᠷᠤᠯᠴᠠᠬᠤ ᠪᠠᠷ ᠰᠤᠷᠲᠠᠯ ᠢᠶᠠᠨ ᠲᠥᠪ ᠪᠤᠯᠭᠠᠵᠤ᠂ | ᠰᠤᠷᠤᠯᠴᠠᠬᠤ ᠪᠠᠷ ᠠᠵᠢᠯᠯᠠᠬᠤ ᠶᠢ ᠠᠬᠢᠭᠤᠯᠤᠨ᠂ ᠪᠣᠳᠠᠲᠤ ᠦᠷ᠎ᠡ ᠪᠦᠲᠦᠮᠵᠢ ᠣᠯᠵᠤ᠂ ᠨᠠᠮ ᠤᠨ ᠭᠡᠰᠢᠭᠦᠨ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠠᠵᠢᠯ ᠬᠢᠵᠦ ᠦᠢᠯᠡᠰ ᠪᠣᠰᠬᠠᠬᠤ ᠤᠶᠤᠨ | ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠭᠠᠪᠠ᠃ | ᠬᠤᠶᠠᠷ᠂ ᠲᠠᠪᠤᠨ ᠶᠡᠭᠡ ᠡᠭᠦᠷᠭᠡ ᠶᠢ ᠬᠦᠴᠦᠲᠡᠢ ᠨᠠᠶᠢᠳᠠᠪᠤᠷᠢᠵᠢᠭᠤᠯᠪᠠ | ᠪᠦᠭᠦ ᠤᠯᠤᠰ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠤᠬᠠᠢ ᠶᠢᠨ ᠲᠠᠯᠠᠪᠤᠷ ᠤᠨ | ᠬᠤᠷᠠᠯ ᠢ ᠴᠢᠨᠠᠷ ᠰᠠᠶᠢᠲᠠᠢ ᠳᠠᠭᠠᠭᠠᠴᠢᠯᠠᠨ ᠡᠷᠭᠢᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ | ᠲᠤᠯᠤᠭᠠᠨ ᠶᠡᠭᠡ ᠳᠠᠶᠢᠯᠠᠯᠳᠤᠭᠠᠨ︾ ᠢ ᠤᠬᠠᠭᠠᠯᠠᠵᠤ ᠡᠬᠢᠯᠡᠭᠦᠯᠦᠭᠡᠳ᠂ 1045.3 ᠲᠦᠮᠡᠨ ᠮᠦ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 3.6 ᠲᠦᠮᠡᠨ ᠮᠦ ᠡᠯᠡᠰᠦ ᠶᠢ | ᠲᠣᠭᠲᠠᠪᠤᠷᠢᠵᠢᠭᠤᠯᠤᠨ᠂ 86 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠠᠢ᠃ 26.44 ᠳ᠋ᠦᠩᠰᠢᠭᠤᠷ | ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ | ᠴᠥᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠠᠮᠵᠢᠯᠲᠠ ᠲᠠᠢ ᠲᠡᠮᠡᠴᠡᠨ | ᠣᠯᠵᠤ᠂ ᠲᠠᠩ ᠴᠣᠭᠴᠠ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ ᠪᠣᠬᠢᠷᠳᠤᠯ ᠢ ᠰᠡᠷᠭᠡᠶᠢᠯᠡᠨ ᠵᠠᠰᠠᠬᠤ 102 ᠲᠥᠷᠥᠯ ᠵᠦᠢᠯ ᠢ ᠬᠡᠷᠡᠭᠵᠢᠭᠦᠯᠵᠦ᠂ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠨᠠᠩ ᠪᠠᠬᠢᠵᠢᠭᠦᠯᠪᠡ᠃ | ᠪᠦᠭᠦ ᠠᠶᠢᠮᠠᠭ ᠤᠨ ᠬᠦᠴᠦᠨ ᠢ ᠳᠠᠶᠢᠴᠢᠯᠠᠨ ᠰᠢᠨ ᠵᠢᠩ ᠨᠡᠭᠦᠷᠡᠰᠦᠨ ᠠᠭᠤᠷᠬᠠᠢ ᠶᠢᠨ ᠠᠳᠡᠯ ᠤᠨ ᠠᠪᠤᠷᠠᠨ | ᠲᠤᠰᠠᠯᠠᠬᠤ ᠪᠠ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠳᠡᠯ ᠤᠨ ᠰᠤᠷᠭᠠᠮᠵᠢ ᠶᠢ | ᠭᠦᠨᠵᠡᠭᠡᠢ ᠲᠤᠩᠭᠠᠨ᠂ 15 ᠳᠦᠷᠦᠯ 107 ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ | 2.75 ᠲᠦᠮᠡᠨ ᠠᠰᠠᠭᠤᠳᠠᠯ ᠤᠨ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ | ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ | ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠠᠶᠤᠯ ᠲᠦᠭᠰᠢᠭᠦᠷᠢ ᠶᠢᠨ ᠲᠠᠯᠳᠠ ᠭᠡᠮ ᠢ ᠢᠳᠡᠪᠬᠢᠲᠡᠢ | ᠰᠡᠷᠭᠡᠶᠢᠯᠡᠵᠦ ᠠᠷᠢᠯᠭᠠᠨ᠂ ᠬᠢᠯᠢ ᠬᠢᠵᠠᠭᠠᠷ ᠣᠷᠣᠨ ᠤ ︽ᠬᠥᠨᠳᠡᠶᠢᠷᠡᠯ︾᠂ ︽ᠤᠰᠤ ᠴᠠᠭᠢᠯᠭᠠᠨ ᠵᠠᠮ ᠨᠡᠪᠲᠡᠷᠡᠯᠭᠡ | ᠴᠢᠮᠡᠭᠡ ᠬᠤᠯᠪᠤᠭ᠎ᠠ︾ ᠰᠠᠭᠠᠳ ᠲᠠᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠠᠵᠢᠯ ᠰᠢᠨ᠎ᠡ ᠠᠬᠢᠴᠠ ᠲᠠᠢ | ᠪᠣᠯᠵᠤ᠂ ︽ᠨᠠᠮ ᠵᠠᠰᠠᠭ ᠴᠡᠷᠢᠭ ᠴᠠᠭᠳᠠᠭ᠎ᠠ ᠠᠵᠤ ᠠᠬᠤᠶᠢᠯᠠᠯ ᠠᠷᠠᠳ︾ ᠤᠨ ᠬᠢᠯᠢ ᠬᠢᠵᠠᠭᠠᠷ ᠢ ᠰᠠᠬᠢᠨ | ᠬᠠᠮᠠᠭᠠᠯᠠᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠪᠠ ᠡᠷᠡᠭᠦᠦ ᠶᠢᠨ | ᠬᠡᠷᠡᠭ ᠡᠭᠦᠰᠬᠦ ᠨᠤᠷᠮ᠎ᠠ ᠶᠢ ᠵᠡᠷᠭᠡ ᠳᠤᠨᠢ ᠪᠠᠭᠤᠷᠠᠭᠤᠯᠤᠨ᠂ ᠬᠢᠯᠢ ᠬᠢᠵᠠᠭᠠᠷ ᠣᠷᠣᠨ ᠤ ᠠᠮᠤᠷ ᠲᠠᠶᠢᠪᠤᠩ ᠢ | ᠪᠠᠲᠤᠳᠬᠠᠭᠰᠠᠨ ᠪᠠᠶᠢᠨ᠎ᠠ᠃ | ᠰᠢᠨ᠎ᠡ ᠡᠨᠧᠷᠭᠢ ᠶᠢᠨ 21 ᠲᠥᠷᠥᠯ ᠵᠦᠢᠯ ᠢ ᠬᠡᠷᠡᠭᠵᠢᠭᠦᠯᠦᠨ᠂ 160 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠭᠢᠯᠭᠠᠨ ᠤ ᠲᠥᠷᠥᠯ ᠵᠦᠢᠯ ᠤᠨ ᠲᠣᠣᠷ ᠲᠤ ᠨᠡᠶᠢᠯᠡᠭᠦᠯᠦᠨ ᠴᠠᠭᠢᠯᠭᠠᠨ ᠭᠠᠷᠭᠠᠬᠤ ᠶᠢ ᠪᠡᠶᠡᠯᠡᠭᠦᠯᠵᠦ᠂ | ᠲᠡᠭᠷᠢ ᠡᠯᠡᠰᠦᠨ ᠤ ᠲᠣᠮᠣ ᠰᠠᠭᠤᠷᠢᠨ ᠭᠠᠵᠠᠷ ᠤᠨ ᠢᠨᠵᠧᠨᠧᠷᠢᠩ ᠢ ᠤᠷᠤᠭᠰᠢᠲᠠᠢ ᠡᠬᠢᠯᠡᠭᠦᠯᠦᠭᠡᠳ᠂ ᠪᠦᠭᠦ | ᠠᠶᠢᠮᠠᠭ ᠤᠨ ᠪᠠᠶᠢᠭᠤᠯᠤᠭᠰᠠᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠮᠵᠢᠶ᠎ᠡ 568 ᠲᠦᠮᠡᠨ | ᠺᠢᠯᠣᠸᠠᠲ ᠲᠤ ᠬᠦᠷᠴᠦ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠬᠤᠶᠠᠷ ᠳᠠᠭᠢᠨ ᠨᠡᠮᠡᠭᠳᠡᠪᠡ᠃ ᠠᠩᠬᠠᠳᠠᠭᠴᠢ | ᠵᠤᠷᠪᠤᠰ ᠣᠨᠴᠠ ᠥᠨᠳᠥᠷ ᠬᠦᠴᠦᠳᠡᠯᠲᠦ ᠴᠡᠪᠡᠷ ᠴᠠᠭᠢᠯᠭᠠᠨ ᠬᠦᠴᠦᠨ ᠤ ᠭᠠᠳᠠᠭᠰᠢ ᠬᠦᠷᠭᠡᠬᠦ ᠱᠤᠭᠤᠮ ᠢ | ᠪᠠᠶᠢᠭᠤᠯᠤᠨ ᠳᠠᠭᠤᠰᠬᠠᠵᠤ ᠲᠣᠣᠷ ᠲᠤ ᠨᠡᠶᠢᠯᠡᠭᠦᠯᠦᠭᠡᠳ᠂ ᠲᠣᠨᠤᠭ ᠲᠥᠬᠦᠭᠡᠷᠦᠮᠵᠢ ᠦᠢᠯᠡᠳᠬᠦ᠂ ᠴᠡᠪᠡᠷ ᠠᠯᠺᠤᠣᠯ | ᠦᠢᠯᠡᠳᠬᠦ᠂ ᠰᠠᠯᠬᠢ ᠨᠠᠷᠠᠨ ᠤ ᠡᠨᠧᠷᠭᠢ ᠶᠢᠨ ᠤᠰᠤᠲᠥ᠋ᠷᠥᠭᠴᠢ ᠰᠢᠪᠲᠦᠷ ᠦᠢᠯᠡᠳᠬᠦ ᠵᠡᠷᠭᠡ ᠨᠢᠭᠡ ᠪᠦᠯᠦᠭ ᠠᠵᠤ | ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠮᠠᠨ ᠤ ᠠᠶᠢᠮᠠᠭ ᠲᠤ ᠨᠤᠲᠤᠭᠰᠢᠭᠤᠯᠪᠠ᠃ | ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠣᠲᠣ ᠦᠶ᠎ᠡ ᠶᠢᠨ ᠲᠡᠮᠡᠭᠡᠨ ᠤ ᠠᠵᠤ | ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ ᠲᠡᠮᠡᠭᠡᠨ ᠰᠦ ᠶᠢ ᠥᠪᠡᠷᠲᠡᠭᠡᠨ ᠵᠠᠰᠠᠬᠤ ᠣᠷᠣᠨ ᠤ ᠰᠦ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠶᠢ | ᠠᠬᠢᠭᠤᠯᠤᠨ᠂ ᠠᠯᠠᠱᠠ ᠶᠢᠨ ᠲᠦᠮᠡᠨ ᠲᠡᠮᠡᠭᠡᠨ ᠤ ᠨᠠᠭᠠᠳᠤᠮ ᠤᠨ ᠬᠤᠷᠠᠯ ᠢ ᠠᠮᠵᠢᠯᠲᠠ ᠲᠠᠢ ᠡᠷᠭᠢᠯᠡᠵᠦ᠂ ᠲᠡᠮᠡᠭᠡᠨ | ᠰᠦ ᠶᠢᠨ ᠭᠠᠷᠤᠯᠲᠠ ᠲᠡᠦᠬᠡ ᠶᠢᠨ ᠬᠠᠮᠤᠭ ᠥᠨᠳᠥᠷ ᠬᠡᠮᠵᠢᠶᠡᠨ ᠳᠤ ᠭᠦᠷᠪᠡ᠃ ᠡᠯᠡᠰᠦᠨ ᠤ ᠴᠠᠭᠠᠨ ᠭᠤᠶᠣᠣ ᠨᠢ | ᠤᠯᠤᠰ ᠤᠨ ᠢᠳᠡᠭᠡᠨ ᠪᠠ ᠡᠮ ᠤᠨ ᠵᠦᠢᠯ ᠤᠨ ᠠᠳᠠᠯᠢ ᠢᠷᠡᠯᠲᠡ ᠶᠢᠨ ᠭᠠᠷᠴᠠᠭ ᠲᠤ ᠣᠷᠣᠵᠤ᠂ ᠳ᠋ᠦᠩ ᠧ ᠧ | ᠵᠢᠶᠣᠣ ᠺᠤᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠲᠣᠬᠢᠷᠠᠭᠠᠳ᠂ ᠣᠨᠴᠠᠯᠢᠭᠲᠤ ᠠᠵᠤ | ᠦᠢᠯᠡᠰ ᠤᠨ ᠬᠡᠪᠴᠢᠶᠡᠵᠢᠭᠰᠡᠨ ᠦᠵᠦᠭᠦᠷᠵᠢᠭᠰᠡᠨ ᠴᠢᠭᠯᠡᠯ ᠲᠡᠶᠢᠰᠢ ᠤᠷᠤᠭᠰᠢᠯᠠᠪᠠ᠃ . | ᠴᠡᠭᠡ ᠪᠣᠭᠤᠮᠲᠠ ᠶᠢᠨ ᠴᠢᠳᠠᠪᠬᠢ ᠶᠢ ᠥᠷᠭᠡᠳᠬᠡᠨ ᠥᠭᠡᠷᠡᠴᠢᠯᠡᠬᠦ᠂ ᠣᠶᠤᠨᠲᠤ ᠪᠣᠭᠤᠮᠲᠠ ᠪᠠᠷ ᠥᠩᠭᠡᠷᠡᠬᠦ | ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠶᠠᠪᠤᠭᠳᠠᠵᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ | 1900 ᠲᠦᠮᠡᠨ ᠲᠣᠨ ᠢ ᠳᠠᠪᠠᠨ᠂ ᠡᠳᠦᠷ ᠤᠨ ᠣᠷᠣᠭᠤᠯᠤᠭᠰᠠᠨ ᠬᠡᠮᠵᠢᠶ᠎ᠡ 21 ᠲᠦᠮᠡᠨ ᠲᠣᠨ ᠢ ᠳᠠᠪᠠᠵᠤ᠂ | ᠪᠣᠭᠤᠮᠲᠠ ᠨᠡᠭᠡᠭᠡᠭᠰᠡᠨ ᠠᠴᠠ ᠨᠠᠭᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ | ᠭᠤᠷᠪᠠ᠂ ︽ᠳᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠱᠠᠭᠠᠷᠳᠠᠯᠭ᠎ᠠ ᠠᠮᠵᠢᠯᠲᠠ ᠪᠦᠲᠦᠮᠵᠢ ᠣᠯᠪᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠡᠬᠦ ᠡᠨᠡ ᠬᠦ | ᠭᠤᠣᠯ ᠱᠤᠭᠤᠮ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ ᠳᠤ ᠲᠤᠭᠤᠰᠢᠯᠠᠭᠤᠯᠤᠨ᠂ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠵᠢᠯ ᠤᠨ ᠬᠤᠪᠢᠶᠠᠷᠢᠯᠠᠯ ᠤᠨ ᠲᠥᠰᠥᠯ ᠢ ᠨᠡᠶᠢᠲᠡᠯᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠭᠦ | ᠠᠶᠢᠮᠠᠭ ᠢ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠦᠨ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ | ᠢᠳᠡᠪᠬᠢᠲᠡᠢ ᠡᠭᠦᠳᠴᠦ᠂ ᠡᠯ᠎ᠡ ᠵᠦᠢᠯ ᠤᠨ ᠠᠵᠢᠯ ᠢ ᠶᠠᠭ ᠪᠦᠲᠦᠮᠵᠢᠲᠡᠢ ᠥᠷᠨᠢᠭᠦᠯᠵᠦ ᠪᠠᠶᠢᠨ᠎ᠠ᠃ | ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ︽ᠵᠢᠷᠭᠤᠭᠠᠨ | ᠥᠭᠦᠯᠡᠪᠦᠷᠢ︾ ᠳᠠᠬᠢ ᠪᠣᠳᠠᠲᠤ ᠬᠡᠷᠡᠭ ᠶᠣᠰᠣ ᠤᠴᠢᠷ ᠪᠣᠯᠣᠨ ᠠᠷᠠᠳ ᠲᠤ ᠠᠰᠢᠭ ᠬᠦᠷᠲᠡᠭᠡᠬᠦ ᠲᠤᠬᠠᠢ ᠨᠠᠮ ᠤᠨ | ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠨᠠᠮ ᠤᠨ ᠠᠴᠢ ᠲᠤᠰᠠ ᠶᠢ ᠣᠶᠢᠯᠠᠭᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ | ᠢᠲᠡᠭᠡᠯ ᠵᠣᠷᠢᠭ ᠨᠡᠩ ᠪᠠᠲᠤᠵᠢᠪᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠢ ᠬᠡᠷᠡᠭᠯᠡᠬᠦ ᠶᠢ ᠶᠡᠬᠡᠪᠡᠷ ᠳᠡᠯᠭᠡᠷᠡᠭᠦᠯᠦᠨ᠂ | ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠤᠯᠤᠰ ᠤᠨ ᠨᠡᠶᠢᠲᠡᠯᠢᠭ ᠬᠡᠯᠡᠨ ᠤ ᠵᠢᠭᠠᠨ ᠰᠤᠷᠭᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠪᠦᠭᠦ ᠠᠶᠢᠮᠠᠭ ᠤᠨ ᠤᠤᠯ ᠤᠨ ᠦᠨᠳᠦᠰᠦᠲᠡᠨ ᠤ ᠭᠡᠯᠡ ᠪᠠᠷ ᠬᠢᠴᠢᠶᠡᠯᠯᠡᠬᠦ | ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠤᠶ ᠪᠦᠬᠦᠢ ᠣᠨ ᠤ ᠪᠦᠭᠦ ᠬᠢᠴᠢᠶᠡᠯ | ᠳᠦᠷᠦᠯ ᠳᠤ ᠤᠯᠤᠰ ᠤᠨ ᠨᠡᠶᠢᠳᠡᠮ ᠬᠡᠷᠡᠭᠯᠡᠬᠦ ᠨᠡᠶᠢᠲᠡᠯᠢᠭ ᠬᠡᠯᠡᠨ ᠤ ᠵᠢᠭᠠᠨ ᠰᠤᠷᠭᠠᠯᠲᠠ ᠬᠢᠬᠦ ᠶᠢ ᠪᠡᠶᠡᠯᠡᠭᠦᠯᠦᠨ᠂ | ᠠᠯᠪᠠᠲᠠᠨ ᠤ ᠨᠡᠶᠢᠳᠡᠮ ᠬᠡᠷᠡᠭᠯᠡᠬᠦ ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠶᠢ ᠪᠦᠭᠦᠨ ᠢ ᠭᠤᠷᠪᠠᠳᠤᠭᠠᠷ ᠳᠡᠰ ᠠᠴᠠ | ᠳᠡᠭᠡᠭᠰᠢ ᠳᠤ ᠬᠦᠷᠭᠡᠭᠰᠡᠨ ᠪᠠᠶᠢᠨ᠎ᠠ᠃ | ᠳᠥᠷᠪᠡ᠂ ᠠᠵᠤ ᠠᠬᠤᠢ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠪᠡ | ᠲᠥᠷᠥᠯ ᠵᠦᠢᠯ ᠢ ᠳᠠᠳᠠᠨ ᠪᠡᠯᠡ ᠣᠷᠣᠭᠤᠯᠤᠯᠲᠠ ᠶᠢ ᠥᠷᠭᠡᠳᠬᠡᠬᠦ ᠶᠢ ᠪᠦᠭᠦ ᠬᠦᠴᠦᠨ ᠢᠶᠠᠷ ᠠᠳᠬᠤᠨ᠂ | 127 ᠭᠤᠣᠯᠳᠠᠯᠭ᠎ᠠ ᠲᠠᠢ ᠲᠥᠷᠥᠯ ᠵᠦᠢᠯ ᠤᠨ 359 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ | ᠵᠦᠢᠯ ᠢ 43 ᠬᠡᠷᠡᠭᠵᠢᠭᠦᠯᠦᠨ᠂ ᠪᠦᠸᠧ ᠶᠤᠸᠠᠨ ᠪᠠᠶᠢᠭᠠᠯᠢ ᠶᠢᠨ ᠬᠤᠵᠢᠷ᠂ ᠬᠤ᠋ ᠮᠧᠩ ᠰᠢᠨ᠎ᠡ ᠮᠠᠲ᠋ᠧᠷᠢᠶᠠᠯ ᠭᠡᠬᠦ | ᠵᠠᠭᠤᠨ ᠳ᠋ᠦᠩᠰᠢᠭᠤᠷ ᠲᠥᠭᠦᠷᠢᠭ ᠤᠨ ᠬᠤᠶᠠᠷ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 14% ᠣᠷᠴᠢᠮ | ᠨᠡᠮᠡᠭᠳᠡᠭᠦᠯᠦᠭᠰᠡᠨ ᠪᠠᠶᠢᠨ᠎ᠠ᠃ | ᠠᠷᠠᠯᠵᠢᠶᠠᠴᠢᠨ ᠤᠷᠢᠵᠤ ᠪᠡᠯᠡ ᠳᠠᠳᠠᠨ ᠣᠷᠣᠭᠤᠯᠬᠤ ᠶᠢ ᠨᠠᠷᠢᠯᠢᠭ ᠣᠨᠣᠴᠠᠲᠠᠢ ᠪᠠᠷ ᠥᠷᠨᠢᠭᠦᠯᠵᠦ᠂ ᠴᠢᠬᠤᠯᠠ | ᠶᠡᠭᠡ ᠠᠵᠤ ᠦᠢᠯᠡᠰ ᠤᠨ 68 ᠲᠥᠷᠥᠯ ᠵᠦᠢᠯ ᠳᠤ ᠭᠡᠷ᠎ᠡ ᠲᠣᠭᠲᠠᠨ᠂ 210 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠣᠷᠣᠭᠤᠯᠤᠨ ᠠᠪᠴᠢᠷᠠᠭᠰᠠᠨ ᠪᠥᠭᠡᠳ 33 ᠲᠥᠷᠥᠯ ᠵᠦᠢᠯ ᠨᠢ ᠲᠣᠰ ᠵᠢᠯ ᠳᠡᠭᠡᠨ ᠭᠡᠷ᠎ᠡ ᠲᠣᠭᠲᠠᠵᠤ᠂ | ᠲᠣᠰ ᠵᠢᠯ ᠳᠡᠭᠡᠨ ᠠᠵᠢᠯ ᠢᠶᠠᠨ ᠡᠬᠢᠯᠡᠭᠦᠯᠵᠡᠢ᠃ | ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ | ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠢᠱᠢᠯᠲᠡ ᠪᠠᠷ | ᠪᠦᠭᠦ ᠠᠶᠢᠮᠠᠭ ᠤᠨ ᠬᠦᠷᠢᠶ᠎ᠡ ᠬᠡᠪᠴᠢᠶ᠎ᠡ ᠪᠦᠬᠦᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 3% ᠣᠷᠴᠢᠮ ᠢᠶᠠᠷ | ᠨᠡᠮᠡᠭᠳᠡᠵᠦ᠂ ᠤᠯᠤᠰ ᠤᠨ ᠲᠠᠰ ᠤᠨ ᠲᠤᠰᠬᠠᠢ ᠨᠠᠷᠢᠯᠢᠭ ᠤᠨᠴᠠᠭᠠᠢ ᠰᠢᠨ᠎ᠡ ᠮᠠᠶ᠋ᠢᠭ ᠤᠨ ︽ᠵᠢᠵᠢᠭ ᠠᠪᠤᠷᠭᠤ︾ ᠠᠵᠤ | ᠠᠬᠤᠶᠢᠯᠠᠯ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠪᠡ᠃ | ᠡᠵᠡᠩᠨᠡᠯᠲᠡ ᠶᠢᠨ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠬᠡᠭᠰᠡᠨ ᠨᠣᠷᠮ᠎ᠠ 99.9% ᠳᠤ ᠬᠦᠷᠴᠦ᠂ ᠨᠢᠭᠡ | ᠤᠳᠠᠭ᠎ᠠ ᠪᠠᠷ ᠭᠦᠢᠴᠡᠳᠬᠡᠬᠦ ᠵᠦᠢᠯᠡᠰ ᠤᠨ ᠬᠠᠷᠢᠴᠠᠯ 100% ᠳᠤ ᠬᠦᠷᠴᠦ᠂ ᠮᠠᠨ ᠤ ᠠᠶᠢᠮᠠᠭ ᠪᠦᠭᠦ ᠤᠯᠤᠰ ᠤᠨ | ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠤᠨ ᠦᠨᠡᠯᠡᠨ ᠵᠢᠱᠢᠯᠲᠡ ᠶᠢᠨ ︽ | A +︾ ᠲᠠᠰ ᠢᠶᠠᠷ ᠦᠨᠡᠯᠡᠭᠳᠡᠭᠰᠡᠨ ᠪᠦᠭᠦ ᠣᠷᠣᠨ ᠤ ᠴᠣᠷ ᠤᠨ ᠭᠠᠭᠴᠠ ᠠᠶᠢᠮᠠᠭ ᠬᠤᠲᠠ ᠪᠣᠯᠵᠠᠢ᠃ | ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ | ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠶᠠᠨᠬᠤᠳᠳᠤᠭ ᠠᠴᠠ ᠪᠠᠶᠠᠨᠬᠤᠲᠠ ᠬᠦᠷᠬᠦ | ᠲᠦᠷᠭᠡᠨ ᠤ ᠵᠠᠰᠠᠮᠠᠯ ᠵᠠᠮ ᠤᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠬᠤᠸ ᠶᠠ | 500 ᠺᠢᠯᠣᠸᠠᠲ ᠤᠨ ᠴᠠᠭᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠠᠵᠢᠯ ᠳᠠᠭᠤᠰᠤᠨ | ᠴᠠᠭᠢᠯᠭᠠᠨ ᠨᠡᠪᠲᠡᠷᠡᠵᠦ᠂ ᠬᠥᠭᠵᠢᠯᠲᠡ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠪᠡ᠃ | ᠠᠵᠤ ᠠᠬᠤᠢ ᠶᠢ ᠲᠣᠭᠲᠠᠪᠤᠷᠢᠵᠢᠭᠤᠯᠬᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠪᠦᠭᠦ ᠵᠢᠯ ᠳᠤ 1.8 ᠳ᠋ᠦᠩᠰᠢᠭᠤᠷ ᠲᠥᠭᠦᠷᠢᠭ ᠤᠨ | ᠭᠠᠶᠢᠯᠢ ᠶᠢ ᠪᠤᠴᠠᠭᠠᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠥᠭᠬᠦ᠂ ᠭᠠᠶᠢᠯᠢ ᠶᠢᠨ | ᠨᠣᠷᠮ᠎ᠠ ᠶᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ | 6659 ᠲᠦᠮᠡᠨ ᠲᠥᠭᠦᠷᠢᠭ ᠬᠥᠩᠭᠡᠯᠡᠵᠦ᠂ ︽ᠳᠥᠷᠪᠡ ᠶᠢ ᠳᠡᠭᠡᠭᠰᠢᠯᠡᠭᠦᠯᠦᠭᠰᠡᠨ︾ ᠠᠵᠤ ᠠᠬᠤᠶᠢᠯᠠᠯ 43 | ᠨᠡᠮᠡᠭᠳᠡᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 8494 ᠨᠡᠮᠡᠭᠳᠡᠪᠡ᠃ | ᠪᠦᠭᠦ ᠤᠯᠤᠰ ᠤᠨ ᠲᠡᠷᠭᠡ ᠪᠠᠨ ᠵᠢᠯᠤᠭᠤᠳᠴᠤ ᠠᠶᠠᠯᠠᠨ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ | ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ᠲᠣᠣᠷᠠᠢ ᠶᠢᠨ ᠤᠢ᠂ ᠪᠠᠭᠠᠲᠤᠷᠴᠤᠳ ᠤᠨ | ᠴᠤᠭᠯᠠᠭᠠᠨ᠂ ᠡᠯᠡᠰᠦ ᠮᠠᠩᠬᠠᠨ ᠤ ᠠᠶᠠᠯᠠᠯ ᠤᠨ ᠭᠤᠷᠪᠠᠨ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ 800 | ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ ᠵᠣᠴᠢᠯᠠᠨ᠂ 84 ᠳ᠋ᠦᠩᠰᠢᠭᠤᠷ | ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠲᠣᠰ ᠲᠣᠰ 136% ᠪᠠ 158% ᠪᠠᠷ | ᠨᠡᠮᠡᠭᠳᠡᠭᠰᠡᠨ ᠪᠠᠶᠢᠨ᠎ᠠ᠃ | ᠲᠠᠷᠢᠮᠠᠯ ᠤᠨ ᠲᠠᠯᠠᠪᠠᠶ ᠶᠢ 50 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠮᠠᠯ ᠤᠨ ᠲᠤᠭ᠎ᠠ | ᠲᠣᠯᠣᠭᠠᠢ 113 ᠲᠦᠮᠡ ᠳᠤ ᠬᠦᠷᠴᠡᠢ᠃ | ᠲᠠᠪᠤ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ | ᠠᠷᠠᠳ ᠤᠨ ᠠᠮᠢᠳᠤᠷᠠᠯ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠦᠨ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠡᠩ ᠤᠨ ᠤᠯᠠᠨ ᠨᠡᠶᠢᠲᠡ ᠶᠢᠨ ᠲᠥᠰᠥᠪ ᠤᠨ | ᠵᠠᠷᠤᠯᠭ᠎ᠠ ᠶᠢᠨ 60% ᠣᠷᠴᠢᠮ ᠢ ᠡᠵᠡᠯᠡᠭᠦᠯᠵᠦ᠂ ᠬᠤᠲᠠ ᠪᠠᠯᠭᠠᠰᠤ ᠶᠢᠨ 4500 ᠬᠥᠮᠥᠨ ᠳᠤ ᠰᠢᠨ᠎ᠡ ᠪᠠᠷ | ᠠᠵᠢᠯ ᠣᠯᠭᠤᠨ᠂ 3542 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠣᠨ ᠤ ᠬᠠᠷᠠᠯᠲᠠ ᠪᠠᠨ | ᠳᠠᠪᠠᠭᠤᠯᠤᠨ ᠪᠡᠶᠡᠯᠡᠭᠦᠯᠪᠡ᠃ | ᠪᠦᠭᠦ ᠠᠶᠢᠮᠠᠭ ᠢᠶᠠᠷ ᠢᠶᠠᠨ ᠨᠢᠭᠡ ᠴᠣᠭᠴᠠᠵᠢᠭᠤᠯᠤᠭᠰᠠᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ | ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢ ᠫᠠᠶᠢᠰᠠ ᠡᠯᠭᠦᠨ ᠪᠠᠶᠢᠭᠤᠯᠵᠤ᠂ ᠨᠠᠷᠠᠲᠤ ᠬᠠᠮᠢᠶᠠᠷᠤᠯᠲᠠ ᠶᠢᠨ | ᠪᠦᠯᠭᠦᠮ ᠪᠠ ᠬᠢᠴᠢᠶᠡᠯ ᠳᠦᠷᠦᠯ ᠤᠨ ᠨᠠᠷᠠᠲᠤ ᠪᠠᠭᠰᠢ ᠶᠢ ᠣᠷᠣᠭᠤᠯᠤᠨ ᠠᠪᠴᠢᠷᠠᠪᠠ᠃ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ 8 ᠶᠢ ᠪᠠᠶᠢᠭᠤᠯᠵᠤ ᠥᠭᠡᠷᠡᠴᠢᠯᠡᠨ᠂ ᠠᠯᠠᠱᠠ ᠠᠶᠢᠮᠠᠭ ᠤᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢ ᠪᠠᠶᠢᠭᠤᠯᠪᠠ᠃ | ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ ᠲᠠᠪᠴᠠᠩ ᠤᠨ ᠭᠡᠯᠪᠡᠷᠢ ᠶᠢᠨ | ᠡᠮᠨᠡᠯᠭᠡ ᠶᠢᠨ ᠬᠤᠷᠢᠶ᠎ᠠ 4 ᠶᠢ ᠪᠠᠶᠢᠭᠤᠯᠤᠨ᠂ ᠭᠠᠷᠠᠭ ᠪᠦᠷᠢ ᠴᠥᠮ ᠲᠣᠮᠣ ᠡᠮᠨᠡᠯᠭᠡ ᠶᠢᠨ ᠬᠤᠷᠢᠶ᠎ᠠ ᠶᠢᠨ ᠲᠤᠰᠬᠠᠢ | ᠮᠡᠷᠭᠡᠵᠢᠯᠲᠡᠨ ᠮᠠᠨ ᠤ ᠠᠶᠢᠮᠠᠭ ᠲᠤ ᠢᠷᠡᠵᠦ ᠡᠮᠴᠢᠯᠡᠭᠡᠳ᠂ ᠭᠥᠯᠢᠶᠡᠨ ᠠᠪᠴᠤ ᠡᠮᠨᠡᠭᠰᠡᠨ ᠬᠡᠮᠵᠢᠶ᠎ᠡ ᠪᠠ ᠡᠮᠨᠡᠯᠭᠡ ᠳᠤ | ᠰᠠᠭᠤᠵᠤ ᠡᠮᠴᠢᠯᠡᠭᠦᠯᠦᠭᠰᠡᠨ ᠨᠣᠷᠮ᠎ᠠ ᠲᠣᠰ ᠲᠣᠰ 14%᠂ 22% ᠢᠶᠠᠷ ᠨᠡᠮᠡᠭᠳᠡᠵᠦ᠂ ᠨᠢᠩᠰᠢᠶᠠ ᠯᠤᠭ᠎ᠠ | ᠡᠮᠴᠢᠯᠡᠭᠡᠨ ᠤ ᠳᠠᠭᠠᠳᠬᠠᠯ ᠢ ᠮᠤᠵᠢ ᠠᠯᠤᠰᠯᠠᠨ ᠣᠨᠳᠣᠣ ᠭᠠᠵᠠᠷ ᠲᠡᠰᠦᠯᠦᠨ ᠪᠤᠳᠤᠬᠤ ᠶᠢ ᠪᠡᠶᠡᠯᠡᠭᠦᠯᠪᠡ᠃ | ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠴᠢᠨᠠᠷᠲᠠᠢ ᠡᠪᠡᠳᠴᠢᠨ ᠡᠮᠭᠡᠭ ᠤᠨ ᠶᠡᠷᠦᠩᠬᠡᠶᠢᠯᠡᠭᠰᠡᠨ | ᠠᠰᠠᠷ ᠵᠡᠷᠭᠡ 13 ᠡᠮᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠨᠢᠭᠲᠠ ᠭᠡᠯᠪᠡᠷᠢ ᠶᠢᠨ ᠰᠢᠶᠠᠨ ᠤ | ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ 3 ᠶᠢ ᠪᠠᠶᠢᠭᠤᠯᠵᠠᠢ᠃ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠲᠠᠩᠰᠠ ᠲᠠᠶᠢᠯᠬᠤ ᠬᠢᠷᠢ ᠲᠦᠪᠰᠢᠨ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠳᠡᠭᠡᠭᠰᠢᠯᠡᠯᠲᠡ ᠲᠠᠢ | ᠪᠣᠯᠪᠠ᠃ | ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠡᠯᠭᠦᠨ | ᠠᠮᠢᠳᠤᠷᠠᠬᠤ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠰᠦᠪᠡᠭᠴᠢᠯᠡᠨ ᠬᠥᠭᠵᠢᠭᠦᠯᠵᠦ᠂ ︽ᠠᠯᠠᠱᠠ ᠳᠤ ᠪᠤᠶᠠᠨ | ᠡᠳ᠋ᠯᠡᠬᠦ︾ ᠨᠠᠰᠤᠵᠢᠯ ᠤᠨ ᠠᠰᠠᠷᠠᠮᠵᠢ ᠶᠢᠨ ᠨᠠᠷᠠᠲᠤ ᠲᠥᠷᠥᠯ ᠲᠡᠮᠳᠡᠭᠲᠦ ᠶᠢ ᠪᠤᠶ ᠪᠤᠯᠭᠠᠵᠦ ᠪᠠᠶᠢᠨ᠎ᠠ᠃ | ᠠᠶᠢᠮᠠᠭ ᠤᠨ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠲᠠ ᠬᠥᠳᠡᠭᠡ ᠶᠢ | ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠤᠨ ᠠᠵᠢᠯ ᠢ ᠪᠦᠭᠦ ᠲᠠᠯ᠎ᠠ ᠪᠠᠷ ᠥᠷᠨᠢᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ | ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠭᠦ ᠣᠷᠣᠨ ᠤ | ᠬᠠᠮᠤᠭ ᠥᠨᠳᠥᠷ ᠲᠤ ᠭᠦᠷᠪᠡ᠃ | ᠬᠠᠭᠤᠴᠢᠨ ᠪᠠ ᠬᠠᠭᠤᠴᠢᠷᠠᠭᠰᠠᠨ 11 ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ | ᠰᠠᠶᠢᠵᠢᠷᠠᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠤᠨ 840 ᠭᠡᠷ ᠢ ᠥᠭᠡᠷᠡᠴᠢᠯᠡᠨ᠂ | ᠬᠤᠳᠠ ᠪᠠᠯᠭᠠᠰᠤᠨ ᠤ 8 ᠵᠠᠮ᠂ 22.2 ᠺᠢᠯᠣᠮᠧᠲᠷ ᠤᠨ ᠬᠠᠭᠤᠴᠢᠨ ᠬᠤᠭᠤᠯᠠᠢ ᠶᠢᠨ ᠲᠣᠣᠷ ᠢ ᠰᠢᠨᠡᠳᠬᠡᠵᠦ᠂ | ᠬᠤᠳᠠ ᠪᠠᠯᠭᠠᠰᠤᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠴᠡᠨᠡᠭᠯᠡᠬᠦ ᠪᠠᠭᠠᠨ᠎ᠠ 115 ᠶᠢ ᠰᠢᠨ᠎ᠡ ᠪᠠᠷ | ᠪᠠᠶᠢᠭᠤᠯᠪᠠ᠃ ᠤᠰᠤ᠂ ᠴᠠᠭᠢᠯᠭᠠᠨ᠂ ᠵᠠᠮ᠂ ᠨᠡᠪᠲᠡᠷᠡᠯᠭᠡ᠂ ᠴᠢᠮᠡᠭᠡ ᠬᠤᠯᠪᠤᠭ᠎ᠠ ᠵᠡᠷᠭᠡ ᠭᠤᠣᠯᠳᠠᠯᠭ᠎ᠠ ᠲᠠᠢ ᠰᠠᠭᠤᠷᠢ | ᠲᠥᠬᠦᠭᠡᠷᠦᠮᠵᠢ ᠶᠢᠨ 17 ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 47.1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | 100 ᠲᠦᠷᠦᠯ ᠵᠦᠢᠯ ᠢ ᠬᠡᠷᠡᠭᠵᠢᠭᠦᠯᠵᠦ᠂ ᠪᠡᠯᠡ ᠮᠥᠩᠭᠦ 1.18 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃ | | ᠵᠢᠷᠭᠤᠭ᠎ᠠ᠂ ᠨᠠᠮ ᠤᠨ ᠪᠠᠶᠢᠭᠤᠯᠤᠯᠲᠠ ᠶᠢ ᠠᠬᠢᠭᠤᠯᠪᠠ | ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠨ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ ᠪᠠᠷ ᠢᠯᠡ ᠲᠣᠳᠣ | ᠤᠳᠤᠷᠢᠳᠤᠮᠵᠢ ᠪᠠᠨ ᠪᠤᠯᠭᠠᠵᠤ᠂ ᠲᠦᠷᠦᠭᠦᠦ ᠪᠦᠯᠦᠭ ᠤᠨ 24 ᠨᠡᠷ᠎ᠡ ︽ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠤᠨ 21 ᠬᠥᠮᠥᠨ ᠢ ᠨᠢ ᠳᠡᠪᠰᠢᠭᠦᠯᠦᠨ ᠬᠦᠨᠳᠦ ᠪᠠᠷ ᠬᠡᠷᠡᠭᠯᠡᠭᠰᠡᠨ | ᠪᠥᠭᠡᠳ ᠪᠦᠯᠦᠭ ᠤᠳᠠᠭ᠎ᠠ ᠬᠤᠪᠢᠶᠠᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ | ᠬᠥᠭᠵᠢᠭᠰᠡᠨ ᠭᠠᠵᠠᠷ ᠣᠷᠣᠨ ᠳᠤ ᠣᠴᠢᠭᠤᠯᠤᠨ ᠲᠣᠭᠤᠷᠢᠨ ᠪᠠᠶᠢᠴᠠᠭᠠᠯᠲᠠ ᠭᠢᠯᠭᠡᠵᠦ᠂ ᠺᠠᠳ᠋ᠷᠴᠤᠳ ᠤᠨ | ᠬᠥᠭᠵᠢᠯᠲᠡ ᠶᠢ ᠡᠷᠢᠯᠬᠢᠯᠡᠨ ᠬᠥᠭᠵᠢᠯᠲᠡ ᠶᠢ ᠠᠳᠬᠤᠬᠤ ᠤᠬᠠᠮᠰᠠᠷ ᠢ ᠳᠡᠭᠡᠭᠰᠢᠯᠡᠭᠦᠯᠪᠡ᠃ | ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠺᠠᠳ᠋ᠷᠴᠤᠳ ᠢ ᠵᠣᠷᠢᠭᠵᠢᠭᠤᠯᠤᠨ᠂ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠪᠣᠳᠠᠲᠠᠢ ᠠᠷᠭ᠎ᠠ | ᠬᠡᠮᠵᠢᠶ᠎ᠡ ᠪᠤᠯᠭᠠᠵᠤ᠂ ︽ᠪᠣᠯᠬᠢ ᠲᠤᠷᠤᠢ ᠠᠯᠵᠠᠭᠤ ᠬᠤᠶᠢᠷᠭᠤ ᠰᠠᠯᠠᠩ ᠵᠠᠳᠠᠭᠠᠢ᠂ ᠤᠳᠠᠭᠠᠯᠢᠭ ᠪᠦᠳᠦᠭᠦᠯᠢᠭ | ᠬᠤᠭᠤᠰᠤᠨ︾ ᠵᠡᠷᠭᠡ ᠰᠤᠷᠲᠠᠯ ᠤᠨ ᠠᠷᠬᠠᠭ ᠭᠡᠮ ᠢ ᠶᠡᠬᠡᠪᠡᠷ ᠴᠡᠭᠴᠡᠯᠡᠨ ᠵᠠᠰᠠᠵᠤ᠂ ᠺᠠᠳ᠋ᠷ ᠤᠨ ᠡᠩᠨᠡᠭᠡᠨ ᠤ ᠠᠵᠢᠯ | ᠬᠢᠵᠦ ᠦᠢᠯᠡᠰ ᠪᠣᠰᠬᠠᠬᠤ ᠴᠤᠭ ᠵᠢᠪᠬᠤᠭ᠎ᠠ ᠶᠢ ᠨᠡᠩ ᠲᠡᠭᠦᠯᠳᠡᠷ ᠪᠣᠯᠭᠠᠪᠠ᠃ | ᠦᠨᠳᠦᠰᠦᠨ ᠱᠠᠲᠤ ᠶᠢ ᠶᠡᠬᠡᠪᠡᠷ ᠠᠳᠬᠤᠬᠤ ᠶᠢ ᠪᠠᠷᠢᠮᠲᠠᠯᠠᠨ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ | ︾ ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠦᠷᠢᠶ᠎ᠡ ᠴᠠᠷᠠᠭ᠎ᠠ ᠬᠤᠪᠢᠶᠠᠨ᠂ | ︽ᠢᠯᠡ ᠪᠣᠯᠭᠠᠨ ᠨᠡᠶᠢᠲᠡᠯᠡᠵᠦ ᠠᠳᠠᠯᠢᠳᠬᠠᠬᠤ︾ ᠠᠵᠢᠯᠯᠠᠭ᠎ᠠ ᠶᠢ ᠥᠷᠨᠢᠭᠦᠯᠦᠭᠡᠳ᠂ ᠪᠦᠭᠦ ᠠᠶᠢᠮᠠᠭ ᠤᠨ 200 | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠪᠦᠭᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ | ᠪᠣᠯᠪᠠ᠃ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ | ᠦᠭᠡᠢ ᠪᠠᠷᠢᠮᠲᠠᠯᠠᠨ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ 586 | ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ 149 ᠬᠥᠮᠥᠨ ᠳᠤ ᠰᠢᠢᠳᠬᠡᠯ ᠥᠭᠴᠦ᠂ ︽ᠲᠦᠷᠪᠡᠨ | ᠵᠦᠢᠯ ᠤᠨ ᠭᠡᠯᠪᠡᠷᠢ ᠪᠠᠶᠢᠳᠠᠯ︾ ᠢ ᠬᠡᠷᠡᠭᠯᠡᠨ 470 ᠺᠠᠳ᠋ᠷ ︵ᠤᠳᠠᠭ᠎ᠠ︶ ᠢ ᠰᠢᠭᠦᠮᠵᠢᠯᠡᠨ ᠰᠤᠷᠭᠠᠵᠤ ᠬᠠᠪᠰᠤᠷᠤᠨ | ᠰᠢᠢᠳᠪᠦᠷᠢᠯᠡᠭᠡᠳ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠪᠠ᠃ | | | |