ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠢ
ᠨᠡᠶᠢᠲᠡᠯᠡᠭᠰᠡᠨ ᠴᠠᠭ᠄
2024/3/11
                    ︽ᠮᠠᠨ ᠤ ᠬᠠᠷᠠᠯᠲᠠ ᠪᠣᠯ ᠮᠠᠰᠢ ᠠᠤᠭ᠎ᠠ ᠶᠡᠭᠡ ᠪᠥᠭᠡᠳ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠭᠦ ᠶᠠᠪᠤᠳᠠᠯ ᠪᠣᠯᠣᠨ᠎ᠠ︾᠃ ᠰᠢᠨ᠎ᠡ ᠣᠨ ᠡᠬᠢᠯᠡᠬᠦ ᠠᠴᠠ ᠡᠮᠦᠨᠡᠬᠡᠨ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠰᠢᠨ᠎ᠡ ᠣᠨ ᠤ ᠪᠠᠶᠠᠷ ᠤᠨ ᠦᠭᠡ ᠨᠡᠶᠢᠲᠡᠯᠡᠵᠦ᠂ ᠨᠢᠭᠡ ᠵᠢᠯ ᠤᠨ ᠲᠤᠷᠰᠢ ᠨᠠᠮ ᠠᠴᠠ ᠠᠷᠠᠳ ᠲᠦᠮᠡᠨ ᠢ ᠳᠠᠭᠠᠭᠤᠯᠤᠨ ᠰᠠᠯᠬᠢ ᠪᠣᠷᠣᠭᠠᠨ ᠢ ᠲᠤᠭᠤᠯᠵᠤ ᠣᠯᠣᠭᠰᠠᠨ ᠯᠠᠪᠳᠠᠭᠤᠨ ᠪᠠᠲᠤᠲᠠᠢ ᠠᠮᠵᠢᠯᠲᠠ ᠶᠢ ᠡᠷᠭᠢᠴᠡᠭᠦᠯᠵᠦ᠂ ᠢᠲᠡᠭᠡᠯ ᠲᠡᠭᠦᠯᠳᠡᠷ ᠢᠶᠠᠷ ᠰᠢᠨ᠎ᠡ ᠲᠡᠮᠡᠴᠡᠯ ᠤᠨ ᠠᠶᠠᠨ ᠢᠶᠠᠨ ᠪᠠᠷᠠᠯᠠᠪᠠ᠃ ᠪᠠᠶᠠᠷ ᠤᠨ ᠦᠭᠡ ᠳᠤ ᠭᠦᠨ ᠵᠤᠵᠠᠭᠠᠨ ᠠᠷᠠᠳ ᠲᠦᠮᠡᠨᠴᠢ ᠬᠠᠶᠢᠷ᠎ᠠ ᠰᠡᠳᠬᠢᠯᠭᠡ ᠠᠭᠤᠯᠤᠭᠳᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠢ ᠬᠦᠴᠦᠨ ᠴᠢᠳᠠᠯ ᠢ ᠬᠥᠭᠵᠢᠭᠡᠪᠡ᠃      2023 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠱᠠᠲᠤ ᠰᠢᠯᠵᠢᠵᠦ᠂ ᠮᠠᠨ ᠤ ᠤᠯᠤᠰ ᠤᠨ ᠠᠵᠤ ᠠᠬᠤᠢ ᠦᠷᠭᠦᠯᠵᠢᠯᠡᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠭᠢᠪᠠ᠂ C919 ᠲᠣᠮᠣ ᠨᠢᠰᠬᠡᠯ ᠬᠤᠳᠠᠯᠳᠤᠭᠠᠨ ᠤ ᠨᠢᠰᠦᠯᠲᠡ ᠶᠢ ᠪᠡᠶᠡᠯᠡᠭᠦᠯᠵᠦ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠲᠤᠷᠰᠢᠨ ᠠᠶᠠᠯᠠᠬᠤ ᠶᠢ ᠪᠡᠶᠡᠯᠡᠭᠦᠯᠵᠦ᠂ ᠬᠤᠪᠢᠯᠭᠠᠨ ᠣᠩᠭᠤᠴᠠ ᠰᠠᠨᠰᠠᠷ ᠣᠭᠲᠠᠷᠭᠤᠢ ᠳᠤᠷ ᠪᠤᠤᠬᠢᠶ᠎ᠠ ᠳᠠᠮᠵᠢᠭᠤᠯᠵᠤ᠂ ︽ᠲᠡᠮᠡᠴᠡᠭᠴᠢ︾ ᠨᠡᠷᠡᠮᠵᠢᠲᠦ ᠲᠤᠶᠢᠯ ᠤᠨ ᠭᠦᠨ ᠱᠤᠮᠪᠠᠯᠲᠠ ᠶᠢ ᠪᠡᠶᠡᠯᠡᠭᠦᠯᠪᠡ᠂ ᠴᠧᠩᠳᠦ᠋ ᠶᠢᠨ ᠣᠶᠤᠲᠠᠳ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠭᠤᠶᠢᠳᠠ ᠰᠠᠶᠢᠬᠠᠨ ᠶᠠᠪᠤᠭᠳᠠᠵᠤ᠂ ᠠᠮᠠᠷᠠᠯᠲᠠ ᠶᠢᠨ ᠡᠳᠦᠷ ᠤᠨ ᠵᠢᠭᠤᠯᠴᠢᠯᠠᠬᠰᠠᠳ ᠣᠯᠠᠰᠢᠷᠠᠵᠤ᠂ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠠᠭᠠᠵᠢᠮ ᠢᠶᠠᠷ ᠬᠡᠪ ᠰᠤᠷᠲᠠᠯ ᠪᠤᠯᠪᠠ᠂ ᠳᠤᠮᠳᠠᠳᠤ ᠤᠯᠤᠰ - ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠤ᠂ ᠠᠯᠢ ᠤᠯᠠᠨ ᠭᠤᠣᠯ ᠲᠠᠯᠠᠪᠤᠷ ᠤᠨ ᠭᠠᠳᠠᠭᠠᠳᠤ ᠬᠠᠷᠢᠯᠴᠠᠭ᠎ᠠ ᠶᠢᠨ ᠠᠵᠢᠯᠯᠠᠭ᠎ᠠ ᠳᠤ ᠲᠠᠪᠤᠨ ᠲᠢᠪ ᠤᠨ ᠨᠠᠶᠢᠵᠠ ᠨᠠᠷ ᠢ ᠤᠭᠲᠤᠨ ᠠᠪᠴᠢᠷᠠᠪᠠ᠂ ᠳᠤᠮᠳᠠᠳᠤ ᠤᠯᠤᠰ ᠤᠨ ᠠᠵᠤ ᠠᠬᠤᠢ ᠰᠠᠯᠬᠢ ᠳᠠᠪᠠᠯᠭᠠᠨ ᠤ ᠳᠤᠮᠳᠠ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠶᠠᠰᠤ ᠰᠢᠷᠪᠦᠰᠦ ᠪᠠᠨ ᠴᠢᠩᠭᠠᠷᠠᠭᠤᠯᠪᠠ᠂ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠣᠷᠭᠢᠯᠤᠨ ᠪᠠᠳᠠᠷᠠᠵᠤ᠂ ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠪᠠᠷ ᠬᠦᠴᠦᠯᠡᠨ ᠲᠡᠮᠡᠴᠡᠵᠦ᠂ ᠭᠠᠵᠠᠷ ᠪᠣᠯᠭᠠᠨ ᠳᠤ ᠴᠥᠮ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠰᠠᠶᠢᠨ ᠰᠠᠶᠢᠬᠠᠨ ᠳᠦᠷᠰᠦ ᠪᠠᠶᠢᠳᠠᠯ ᠪᠤᠢ ᠪᠣᠯᠪᠠ᠃ ᠥᠨᠢ ᠤᠳᠠᠭᠠᠨ ᠲᠡᠦᠬᠡ ᠲᠠᠢ᠂ ᠥᠷᠭᠡᠨ ᠳᠡᠯᠭᠡᠷ ᠪᠣᠯᠪᠠᠰᠤᠨ ᠲᠡᠦᠬᠡ ᠲᠠᠢ ᠳᠤᠮᠳᠠᠳᠤ ᠤᠯᠤᠰ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ᠂ ᠣᠷᠭᠢᠯᠤᠮ᠎ᠠ ᠬᠠᠯᠠᠭᠤᠨ ᠰᠡᠳᠬᠢᠯᠭᠡ ᠎ ᠲᠠᠢ ᠳᠤᠮᠳᠠᠳᠤ ᠤᠯᠤᠰ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠪᠠᠶᠢᠨ᠎ᠠ᠃      ᠡᠭᠡᠯ ᠵᠢᠷ ᠤᠨ ᠬᠥᠮᠥᠨ ᠠᠭᠤᠤ ᠶᠡᠭᠡ ᠦᠢᠯᠡᠰ ᠢ ᠴᠣᠭᠴᠠᠯᠠᠨ᠎ᠠ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ᠃ ᠠᠯᠢᠪᠠ ᠠᠮᠵᠢᠯᠲᠠ ᠪᠦᠲᠦᠮᠵᠢ ᠶᠢ ᠴᠥᠮ ᠨᠠᠮ ᠪᠠ ᠠᠷᠠᠳ ᠲᠦᠮᠡᠨ ᠬᠠᠮᠲᠤ ᠪᠠᠷ ᠲᠡᠮᠡᠴᠡᠵᠦ ᠪᠠᠶᠢᠭᠠᠳ ᠣᠯᠣᠭᠰᠠᠨ ᠶᠤᠮ᠃ ᠰᠢᠷᠭᠠᠭᠤ ᠬᠥᠳᠡᠯᠮᠦᠷᠢᠯᠡᠵᠦ ᠪᠠᠶᠢᠭ᠎ᠠ ᠲᠠᠷᠢᠶᠠᠴᠢᠨ᠂ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠠᠵᠢᠯᠴᠢᠨ᠂ ᠵᠣᠷᠢᠭᠲᠠᠢ ᠪᠠᠷ ᠠᠵᠢᠯᠯᠠᠵᠤ ᠵᠣᠷᠢᠭᠲᠠᠢ ᠪᠠᠷ ᠲᠡᠮᠡᠴᠡᠵᠦ ᠪᠠᠶᠢᠭ᠎ᠠ ᠦᠢᠯᠡᠰ ᠪᠣᠰᠬᠠᠭᠴᠢ᠂ ᠤᠯᠤᠰ ᠭᠡᠷ ᠢᠶᠠᠨ ᠬᠠᠮᠠᠭᠠᠯᠠᠵᠤ ᠪᠠᠶᠢᠭ᠎ᠠ ᠬᠡᠦᠬᠡᠳ ᠳᠡᠭᠦᠦ ᠨᠠᠷ ᠴᠡᠷᠢᠭ᠂ ᠡᠯ᠎ᠡ ᠠᠵᠢᠯ ᠲᠦᠷᠦᠯ ᠤᠨ ᠬᠥᠮᠥᠰ ᠴᠥᠮ ᠠᠷᠢᠭᠤᠨ ᠬᠥᠯᠥᠰᠦ ᠪᠠᠨ ᠤᠷᠤᠰᠬᠠᠵᠤ᠂ ᠡᠭᠡᠯ ᠵᠢᠷ ᠤᠨ ᠬᠥᠮᠥᠨ ᠨᠢᠭᠡ ᠪᠦᠷᠢ ᠴᠥᠮ ᠶᠡᠷᠦ ᠪᠤᠰᠤ ᠶᠢᠨ ᠬᠤᠪᠢ ᠨᠡᠮᠡᠷᠢ ᠦᠵᠡᠭᠦᠯᠵᠦ᠂ ᠲᠤᠭ᠎ᠠ ᠲᠣᠮᠰᠢ ᠦᠭᠡᠢ ᠬᠦᠰᠡᠯ ᠵᠡᠭᠦᠳᠦ ᠪᠠᠨ ᠬᠥᠭᠡᠭᠡᠴᠡᠯᠳᠦᠭᠴᠢ ᠡᠷᠡᠯᠬᠡᠭᠯᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠬᠤ ᠬᠦᠴᠦᠲᠦ ᠤᠷᠤᠰᠬᠠᠯ ᠪᠣᠯᠵᠤ ᠪᠦᠷᠢᠯᠳᠦᠪᠡ᠃ ᠠᠷᠠᠳ ᠲᠦᠮᠡᠨ ᠪᠣᠯ ᠪᠦᠭᠦᠳᠡ ᠨᠠᠶᠢᠷᠠᠮᠳᠠᠬᠤ ᠤᠯᠤᠰ ᠤᠨ ᠪᠠᠲᠤ ᠪᠠᠬᠢ ᠦᠨᠳᠦᠰᠦ ᠰᠠᠭᠤᠷᠢ ᠮᠥᠨ᠂ ᠠᠷᠠᠳ ᠲᠦᠮᠡᠨ ᠪᠣᠯ ᠮᠠᠨ ᠤ ᠨᠠᠮ ᠤᠨ ᠲᠦᠷᠦ ᠪᠠᠷᠢᠬᠤ ᠬᠠᠮᠤᠭ ᠤᠨ ᠶᠡᠭᠡ ᠬᠦᠴᠦᠨ ᠴᠢᠳᠠᠯ ᠮᠥᠨ᠃ ᠡᠳᠡᠭᠡᠷ ᠵᠢᠯ ᠤᠨ ᠲᠤᠷᠰᠢ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ᠂ ᠶᠡᠭᠡ ᠳᠠᠶᠢᠯᠠᠯᠳᠤᠭᠠᠨ ᠬᠤᠶᠢᠨ᠎ᠠ ᠬᠤᠶᠢᠨ᠎ᠠ ᠠᠴᠠ ᠪᠠᠨ ᠵᠠᠯᠭᠠᠯᠳᠤᠵᠤ᠂ ᠳᠠᠶᠢᠯᠠᠯᠳᠤᠭᠠᠨ ᠨᠢᠭᠡᠪᠦᠷᠢ ᠳᠤ ᠴᠥᠮ ᠪᠦᠭᠦ ᠠᠷᠠᠳ ᠲᠦᠮᠡᠨ ᠤ ᠪᠦᠯᠬᠦᠮᠳᠡᠨ ᠲᠡᠮᠡᠴᠡᠬᠦ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ ᠲᠡᠮᠡᠴᠡᠵᠦ ᠢᠷᠡᠭᠰᠡᠨ ᠶᠤᠮ᠂ ᠠᠷᠠᠳ ᠲᠦᠮᠡᠨ ᠪᠣᠯ ᠪᠢᠳᠡᠨ ᠤ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠭ᠋ᠤ ᠬᠠᠮᠤᠭ ᠤᠨ ᠶᠡᠭᠡ ᠲᠦᠰᠢᠭ ᠲᠤᠯᠭᠠᠭᠤᠷᠢ ᠮᠥᠨ᠃      ᠠᠷᠠᠳ ᠤᠨ ᠠᠮᠢᠳᠤᠷᠠᠯ ᠢ ᠵᠣᠯ ᠵᠢᠷᠭᠠᠯ ᠲᠠᠢ ᠪᠤᠯᠭᠠᠬᠤ ᠪᠣᠯ ︽ᠤᠯᠤᠰ ᠤᠨ ᠶᠡᠭᠡ ᠶᠠᠪᠤᠳᠠᠯ︾ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠢᠮᠠᠭᠲᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠰᠡᠳᠬᠢᠯ ᠵᠢᠷᠦᠬᠡᠨ ᠳᠡᠭᠡᠨ ᠳᠡᠭᠡᠳᠦᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ ᠪᠤᠯᠭᠠᠵᠤ᠂ ︽ᠠᠷᠠᠳ ᠲᠦᠮᠡᠨ ᠤ ᠰᠠᠨᠠᠭᠠᠰᠢᠷᠠᠵᠤ ᠪᠠᠶᠢᠭ᠎ᠠ ᠵᠦᠢᠯ ᠢ ᠪᠢ ᠵᠠᠪᠠᠯ ᠪᠤᠳᠤᠨ᠎ᠠ᠂ ᠠᠷᠠᠳ ᠲᠦᠮᠡᠨ ᠤ ᠬᠦᠰᠡᠵᠦ ᠪᠠᠶᠢᠭ᠎ᠠ ᠵᠦᠢᠯ ᠢ ᠪᠢ ᠵᠠᠪᠠᠯ ᠭᠦᠢᠴᠡᠳᠬᠡᠨ᠎ᠡ︾ ᠭᠡᠬᠦ ᠢᠲᠡᠭᠡᠯ ᠵᠣᠷᠢᠭ ᠢᠶᠠᠷ ᠠᠷᠠᠳ ᠤᠨ ᠠᠮᠢᠳᠤᠷᠠᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠲᠦᠮᠡᠨ ᠳᠤ ᠪᠤᠶᠠᠨ ᠦᠢᠯᠡᠳᠬᠦ ᠦᠢᠯᠡᠰ ᠢ ᠲᠠᠰᠤᠷᠠᠯᠲᠠ ᠦᠭᠡᠢ ᠠᠬᠢᠭᠤᠯᠤᠨ ᠤᠷᠤᠭᠰᠢᠯᠠᠭᠤᠯᠪᠠ᠃ ᠭᠡᠷ ᠪᠣᠯ ᠬᠠᠮᠤᠭ ᠤᠨ ᠪᠠᠭ᠎ᠠ ᠤᠯᠤᠰ᠂ ᠤᠯᠤᠰ ᠪᠣᠯ ᠲᠦᠭ ᠲᠦᠮᠡᠨ ᠭᠡᠷ ᠢᠶᠠᠷ ᠪᠦᠷᠢᠯᠳᠦᠨ᠎ᠡ ᠃ ᠬᠡᠦᠬᠡᠳ ᠢ ᠠᠰᠠᠷᠠᠨ ᠲᠡᠵᠢᠭᠡᠵᠦ ᠰᠤᠷᠭᠠᠨ ᠬᠥᠮᠥᠵᠢᠭᠦᠯᠬᠦ᠂ ᠵᠠᠯᠠᠭᠤᠴᠤᠳ ᠤᠨ ᠠᠵᠢᠯ ᠣᠯᠵᠤ ᠴᠢᠳᠠᠪᠤᠷᠢᠲᠠᠨ ᠪᠤᠯᠬᠤ᠂ ᠨᠠᠰᠤᠲᠠᠶᠢᠴᠤᠳ ᠤᠨ ᠡᠪᠡᠳᠴᠢᠨ ᠦᠵᠡᠭᠦᠯᠵᠦ ᠨᠠᠰᠤᠵᠢᠯ ᠤᠨ ᠠᠰᠠᠷᠠᠮᠵᠢ ᠭᠦᠷᠳᠡᠭᠦ ᠪᠣᠯ ᠭᠡᠷ ᠪᠦᠯᠢ ᠨᠢᠭᠡᠪᠦᠷᠢ ᠶᠢᠨ ᠶᠠᠪᠤᠳᠠᠯ ᠪᠤᠯᠬᠤ ᠪᠥᠭᠡᠳ ᠪᠠᠰᠠ ᠴᠤ ᠲᠦᠷᠦ ᠶᠢᠨ ᠶᠠᠪᠤᠳᠠᠯ ᠮᠥᠨ᠃ ᠡᠳᠡᠭᠡᠷ ᠠᠷᠠᠳ ᠤᠯᠠᠨ ᠤ ᠳᠡᠷᠭᠡᠳᠡᠬᠢ ᠶᠠᠪᠤᠳᠠᠯ᠂ ᠬᠠᠯᠠᠮᠵᠢᠯᠠᠵᠤ ᠪᠠᠶᠢᠭ᠎ᠠ ᠶᠠᠪᠤᠳᠠᠯ᠂ ᠪᠣᠳᠠᠲᠠᠢ ᠶᠠᠪᠤᠳᠠᠯ ᠢ ᠤᠯᠤᠰ ᠤᠨ ᠬᠥᠭᠵᠢᠯᠲᠡ ᠶᠢᠨ ᠦᠵᠦ ᠲᠥᠯᠥᠪᠯᠡᠭᠡ ᠳᠤ ᠲᠠᠰᠤᠷᠠᠯᠳᠡ ᠦᠭᠡᠢ ᠠᠭᠤᠰᠤᠯᠴᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠪᠡᠯ᠂ ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠨᠡᠶᠢᠭᠡᠮ ᠤᠨ ᠠᠭᠤᠷ ᠠᠮᠢᠰᠬᠤᠯ ᠢ ᠲᠠᠰᠤᠷᠠᠯᠳᠡ ᠦᠭᠡᠢ ᠪᠤᠢ ᠪᠤᠯᠭᠠᠵᠤ᠂ ᠪᠠᠭᠲᠠᠭᠠᠮᠵᠢ ᠲᠠᠢ ᠬᠥᠭᠵᠢᠶᠡᠨ ᠲᠠᠢ ᠰᠢᠨ᠎ᠡ ᠶᠢ ᠡᠭᠦᠳᠬᠦ ᠣᠷᠣᠨ ᠵᠠᠢ ᠶᠢ ᠥᠷᠭᠡᠳᠬᠡᠵᠦ᠂ ᠳᠥᠭᠦᠮ ᠲᠦᠷᠭᠡᠨ ᠲᠠᠭᠠᠯᠠᠮᠵᠢᠲᠠᠢ ᠠᠮᠢᠳᠤᠷᠠᠯ ᠤᠨ ᠨᠥᠬᠦᠴᠡᠯ ᠢ ᠡᠭᠦᠳᠴᠦ᠂ ᠥᠷᠭᠡᠨ ᠤᠯᠠᠨ ᠠᠷᠠᠳ ᠲᠦᠮᠡᠨ ᠢ ᠪᠠᠶᠠᠰᠤᠩᠭᠤᠢ ᠤᠷᠮ᠎ᠠ ᠰᠡᠳᠬᠢᠯᠭᠡ ᠲᠠᠢ ᠪᠠᠶᠢᠯᠭᠠᠵᠤ᠂ ᠬᠥᠮᠥᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠦᠰᠡᠯ ᠵᠡᠭᠦᠳᠦ ᠪᠠᠨ ᠲᠡᠷᠭᠡᠯᠰᠢᠭᠦᠯᠵᠦ ᠴᠢᠳᠠᠨ᠎ᠠ᠃             ᠠᠷᠠᠳ ᠲᠦᠮᠡᠨ᠂ ᠭᠠᠭᠴᠠ ᠬᠦ ᠠᠷᠠᠳ ᠲᠦᠮᠡᠨ ᠪᠣᠯ ᠰᠠᠶ᠋ᠢ ᠳᠡᠯᠡᠬᠡᠢ ᠶᠢᠨ ᠲᠡᠦᠬᠡ ᠶᠢ ᠡᠭᠦᠳᠦᠨ ᠪᠦᠲᠦᠭᠡᠬᠦ ᠬᠥᠳᠡᠯᠭᠡᠬᠦ ᠬᠦᠴᠦᠨ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ ᠤᠨ ᠠᠷᠠᠳ ᠲᠦᠮᠡᠨ ᠤ ᠦᠢᠯᠡᠰ ᠮᠥᠨ᠂ ᠡᠷᠬᠡᠪᠰᠢ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠠᠷᠠᠳ ᠲᠦᠮᠡᠨ ᠤ ᠳᠤᠮᠳᠠ ᠬᠠᠳᠠᠭᠠᠯᠠᠭᠳᠠᠵᠤ ᠪᠠᠶᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠠ ᠬᠦᠴᠦᠨ ᠴᠢᠳᠠᠯ ᠢ ᠬᠤᠷᠠᠮᠳᠤᠭᠤᠯᠪᠠᠯ ᠰᠠᠶ᠋ᠢ ᠲᠡᠦᠬᠡ ᠶᠢᠨ ᠰᠢᠨ᠎ᠡ ᠠᠭᠤᠤ ᠦᠢᠯᠡᠰ ᠢ ᠲᠠᠰᠤᠷᠠᠯᠳᠠ ᠦᠭᠡᠢ ᠡᠭᠦᠳᠦᠨ ᠪᠦᠲᠦᠭᠡᠵᠦ ᠴᠢᠳᠠᠨ᠎ᠠ᠃ ᠬᠦᠴᠦᠨ ᠴᠢᠳᠠᠯ ᠪᠦᠯᠬᠦᠮᠳᠡᠯ ᠠᠴᠠ ᠤᠨᠳᠤᠷᠤᠨ᠎ᠠ᠂ ᠵᠣᠯ ᠵᠢᠷᠭᠠᠯ ᠲᠡᠮᠡᠴᠡᠯ ᠠᠴᠠ ᠢᠷᠡᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠯᠠᠪᠳᠠᠭᠤᠨ ᠪᠠᠲᠤᠲᠠᠢ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠩ ᠤᠯᠠᠨ ᠨᠡᠩ ᠡᠷᠬᠡ ᠲᠡᠭᠰᠢ ᠪᠠᠷ ᠪᠦᠭᠦ ᠠᠷᠠᠳ ᠲᠦᠮᠡᠨ ᠳᠤ ᠬᠦᠷᠲᠡᠭᠡᠵᠦ᠂ ᠨᠡᠩ ᠰᠠᠶᠢᠨ ᠰᠠᠶᠢᠬᠠᠨ ᠢᠷᠡᠭᠡᠳᠦᠢ ᠶᠢ ᠴᠢᠷᠮᠠᠶᠢᠨ ᠴᠣᠭᠴᠠᠯᠠᠰᠤᠭᠠᠢ᠃            
 
ᠢᠷᠡᠯᠲᠡ᠄ ᠰᠢᠨᠬᠤᠸᠠ ᠬᠤᠷᠢᠶ᠎ᠠ ᠶᠢᠨ ᠰᠢᠭᠦᠮᠵᠢᠯᠡᠭᠴᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号