ᠲᠥᠷᠥ ᠶᠢᠨ ᠪᠣᠳᠣᠯᠭ᠎ᠠ ᠶᠢᠨ ᠠᠰᠢᠭ ᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠰᠤᠭᠠᠢ
ᠨᠡᠶᠢᠲᠡᠯᠡᠭᠰᠡᠨ ᠴᠠᠭ᠄
2024/3/11
      - ︽ᠵᠢᠷᠭᠤᠭᠠᠨ ᠢᠨᠵᠧᠨᠧᠷᠢᠩ︾᠎ ᠢ ᠪᠦᠭᠦ ᠬᠦᠴᠦᠨ ᠢᠶᠠᠷ ᠰᠠᠶᠢᠲᠤᠷ ᠠᠳᠬᠤᠬᠤ ᠲᠤᠬᠠᠢ ᠨᠢᠭᠡᠨᠲᠡ ᠥᠭᠦᠯᠡᠬᠦ ᠨᠢ                         ᠠᠨ ᠬᠤᠸᠠ ᠢ            ᠠᠵᠤ ᠠᠬᠤᠢ ᠶᠢ ᠬᠥᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠲᠠᠯ᠎ᠠ ᠠᠴᠠ ᠬᠦᠴᠦᠯᠡᠬᠦ ᠬᠡᠷᠡᠭᠲᠡᠢ᠃ ᠬᠠᠮᠢᠭ᠎ᠠ ᠠᠴᠠ ᠬᠦᠴᠦᠯᠡᠬᠦ ᠪᠤᠢ︖ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ᠂ ᠲᠥᠪ ᠠᠴᠠ ᠣᠯᠭᠤᠭᠰᠠᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠵᠦᠢᠯ ᠵᠤᠷᠪᠤᠰ ᠳᠠᠷᠠᠭᠠᠯᠠᠨ ᠰᠤᠳᠤᠯᠵᠤ᠂ ᠲᠥᠷᠥ ᠶᠢᠨ ᠪᠣᠳᠣᠯᠭ᠎ᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ ᠭᠡᠵᠦ ᠲᠣᠳᠣᠷᠬᠠᠢ ᠳᠤᠷᠠᠳᠴᠠᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠰᠠᠶᠢᠲᠤᠷ ᠠᠳᠬᠤᠬᠤ ᠪᠣᠯ ᠳᠠᠷᠤᠢ ᠪᠢᠳᠡᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠯᠡᠬᠦ ᠴᠡᠭ ᠮᠥᠨ᠃      ᠥᠪᠥᠷ ᠮᠣᠩᠭᠤᠯ ᠪᠣᠯ ᠪᠦᠭᠦ ᠤᠯᠤᠰ ᠤᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠵᠡᠷᠭᠡ ᠪᠠᠷ ᠭᠥᠷᠳᠡᠭᠰᠡᠨ ᠴᠣᠷ ᠤᠨ ᠭᠠᠭᠴᠠ ᠮᠤᠵᠢ ᠪᠤᠯᠬᠤ ᠪᠥᠭᠡᠳ ᠪᠠᠰᠠ ᠤᠯᠤᠰ ᠠᠴᠠ ᠬᠥᠭᠵᠢᠯᠲᠡ ᠪᠠᠷ ᠠᠨᠠᠢ ᠭᠠᠵᠠᠷ ᠣᠷᠣᠨ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠲᠥᠷᠥ ᠶᠢᠨ ᠪᠣᠳᠣᠯᠭ᠎ᠠ ᠶᠢ ᠵᠡᠷᠭᠡ ᠪᠠᠷ ᠭᠥᠷᠳᠡᠭᠰᠡᠨ ᠮᠤᠵᠢ ᠪᠣᠯᠣᠨ᠎ᠠ᠃ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶ᠎ᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠵᠢᠴᠢ ᠢᠵᠢ ᠪᠦᠷᠢᠳᠦᠭᠰᠡᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠵᠤ᠂ ᠪᠢᠳᠡᠨ ᠤ ᠣᠷᠳᠣ ᠬᠤᠭᠤᠴᠠᠭ᠎ᠠ ᠪᠠᠷ ᠬᠢᠬᠦ ᠰᠠᠨᠠᠭ᠎ᠠ ᠲᠠᠢ ᠪᠤᠯᠪᠠᠴᠤ ᠬᠦᠴᠦ ᠬᠦᠷᠦᠯᠴᠡᠬᠦ ᠦᠭᠡᠢ ᠪᠠᠶᠢᠭᠰᠠᠨ ᠠᠵᠢᠯ ᠳᠤ ᠴᠢᠬᠤᠯᠠ ᠶᠡᠭᠡ ᠳᠡᠮᠵᠢᠯᠭᠡ ᠦᠵᠡᠭᠦᠯᠪᠡ᠃ ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠪᠠᠰᠠ ᠰᠢᠨ᠎ᠡ ᠨᠢᠭᠡ ᠡᠭᠡᠯᠵᠢ ᠶᠢᠨ ᠳᠦᠷᠦ ᠶᠢᠨ ᠪᠣᠳᠣᠯᠭ᠎ᠠ ᠶᠢᠨ ᠠᠰᠢᠭ ᠢ ᠭᠠᠷᠭᠠᠭᠰᠠᠨ ᠪᠠᠶᠢᠨ᠎ᠠ᠃ ᠡᠶᠢᠮᠦ ᠶᠡᠭᠡ ᠳᠡᠮᠵᠢᠯᠭᠡ ᠶᠢᠨ ᠡᠷᠴᠢᠮ᠂ ᠡᠶᠢᠮᠦ ᠰᠠᠶᠢᠨ ᠬᠥᠭᠵᠢᠯᠲᠡ ᠶᠢᠨ ᠨᠥᠬᠦᠴᠡᠯ ᠤᠨ ᠵᠠᠩᠭᠢᠯᠠᠭ᠎ᠠ ᠨᠢ ᠪᠢᠳᠡ ᠥᠪᠡᠷ ᠢᠶᠠᠨ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠨᠢᠭᠡ ᠨᠢᠭᠡ ᠪᠠᠷ ᠪᠣᠳᠠᠲᠠᠢ ᠰᠤᠳᠤᠯᠤᠨ᠂ ᠨᠢᠭᠡ ᠨᠢᠭᠡ ᠪᠠᠷ ᠲᠥᠯᠥᠪᠵᠢᠭᠦᠯᠵᠦ᠂ ᠨᠢᠭᠡ ᠨᠢᠭᠡ ᠪᠠᠷ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ ᠶᠢᠨ ᠳᠡᠮᠵᠢᠯᠭᠡ ᠶᠢ ᠶᠠᠭᠠᠬᠢᠭᠰᠠᠨ ᠴᠤ ᠲᠠᠯᠠᠭᠠᠷᠳᠠᠭᠤᠯᠵᠤ ᠪᠤᠯᠬᠤ ᠦᠭᠡᠢ᠂ ᠡᠷᠬᠢᠮ ᠨᠠᠨᠳᠢᠨ ᠠᠵᠠ ᠲᠣᠭᠢᠶᠠᠯ ᠢ ᠶᠠᠭᠠᠬᠢᠭᠰᠠᠨ ᠴᠤ ᠠᠯᠳᠠᠵᠤ ᠭᠠᠷᠭᠠᠵᠤ ᠪᠤᠯᠬᠤ ᠦᠭᠡᠢ ᠳᠤ ᠪᠤᠢ᠃      ᠰᠠᠶᠢᠨ ᠲᠦᠷᠦ ᠶᠢᠨ ᠪᠣᠳᠣᠯᠭ᠎ᠠ ᠲᠠᠢ ᠪᠣᠯᠤᠭᠰᠠᠨ ᠤ ᠲᠠᠷᠠᠭ᠎ᠠ ᠵᠠᠩᠭᠢᠯᠠᠭ᠎ᠠ ᠨᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠳᠤ ᠪᠤᠢ᠃ ᠲᠦᠷᠦ ᠶᠢᠨ ᠪᠣᠳᠣᠯᠭ᠎ᠠ ᠲᠤᠶᠢᠯ ᠤᠨ ᠡᠷᠬᠢᠮ ᠨᠠᠨᠳᠢᠨ ᠪᠥᠭᠡᠳ ᠭᠢᠯᠪᠠᠷ ᠪᠤᠰᠤ ᠪᠠᠷ ᠢᠷᠡᠭᠰᠡᠨ ᠶᠤᠮ᠂ ᠲᠡᠭᠦᠨ ᠢ ᠲᠡᠮᠡᠴᠡᠨ ᠣᠯᠣᠭᠰᠠᠨ ᠨᠢ ᠵᠥᠪᠭᠡᠨ ︽ᠲᠦᠮᠡᠨ ᠭᠠᠵᠠᠷ ᠤᠨ ᠤᠷᠳᠤ ᠵᠠᠮ ᠤᠨ ᠠᠶᠠᠨ ᠲᠠᠶᠢᠨ ᠤ ᠠᠩᠬᠠᠨ ᠤ ᠠᠯᠬᠤᠮ ᠢ ᠠᠯᠬᠤᠭᠰᠠᠨ ᠲᠡᠳᠦᠢ ᠶᠤᠮ︾᠂ ᠨᠡᠩ ᠴᠢᠬᠤᠯᠠ ᠨᠢ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠠᠪᠤᠳᠠᠯ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠎ ᠬᠢᠨ ᠵᠣᠯᠭᠠᠭᠤᠯᠤᠨ ᠵᠣᠬᠢᠴᠠᠭᠤᠯᠬᠤ᠂ ᠲᠥᠷᠥᠯ ᠵᠦᠢᠯ ᠤᠨ ᠨᠥᠭᠡᠴᠡᠯᠡᠯᠲᠡ ᠶᠢ ᠴᠢᠭᠯᠡᠭᠦᠯᠦᠯᠲᠦ ᠴᠢᠨᠠᠷᠲᠠᠢ ᠪᠠᠷ ᠰᠠᠶᠢᠲᠤᠷ ᠬᠢᠵᠦ᠂ ᠤᠴᠢᠷ ᠶᠠᠪᠤᠳᠠᠯ ᠨᠢᠭᠡ ᠪᠦᠷᠢ ᠶᠢ ᠪᠣᠳᠠᠲᠠᠢ ᠢᠨᠵᠧᠨᠧᠷᠢᠩ ᠤᠨ ᠲᠥᠷᠥᠯ ᠵᠦᠢᠯ ᠪᠣᠯᠭᠠᠨ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠵᠤ ᠬᠢᠬᠦ ᠠᠵᠢᠯ ᠢ ᠰᠠᠶᠢᠲᠤᠷ ᠠᠳᠬᠤᠨ᠂ ᠲᠥᠷᠥ ᠶᠢᠨ ᠪᠣᠳᠣᠯᠭ᠎ᠠ ᠶᠢ ᠦᠨᠡᠨ ᠬᠦ ︽ᠴᠠᠭᠠᠰᠤᠨ ᠳᠡᠭᠡᠷ᠎ᠡ︾ ᠪᠠᠶᠢᠭᠰᠠᠨ ᠠᠴᠠ ︽ᠪᠣᠳᠠᠲᠠᠢ︾ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠡᠷᠴᠢ ᠵᠣᠷᠢᠭ ᠢᠶᠠᠨ ᠬᠥᠪᠴᠢᠯᠡᠨ᠂ ᠡᠷᠡᠯᠬᠡᠭᠯᠡᠨ ᠤᠷᠤᠭᠰᠢᠯᠠᠵᠤ᠂ ︽ᠠᠷᠪᠠᠨ ᠨᠠᠢᠮᠠᠨ ᠵᠦᠢᠯ ᠤᠨ ᠵᠡᠪᠰᠡᠭ ᠤᠨ ᠡᠷᠳᠡᠮ︾᠎ ᠢ ᠪᠦᠭᠦᠨ ᠢ ᠬᠡᠷᠡᠭᠯᠡᠨ᠂ ︽ᠳᠠᠯᠠᠨ ᠬᠤᠶᠠᠷ ᠬᠤᠪᠢᠷᠠᠬᠤ︾᠎ ᠳᠤ ᠶᠠᠭᠤ ᠬᠤᠪᠢᠷᠠᠵᠤ ᠴᠢᠳᠠᠪᠠᠯ ᠲᠡᠭᠦᠨ ᠢ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠲᠠᠢ ᠵᠦᠢᠯ ᠢ ᠪᠦᠭᠦᠨ ᠢ ᠠᠰᠢᠭᠯᠠᠨ᠂ ᠦᠨᠡᠨ ᠬᠦ ᠠᠮᠢᠳᠤᠯᠢᠭ ᠰᠠᠶᠢᠲᠤᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠬᠦ ᠬᠡᠷᠡᠭᠲᠡᠢ᠃      ᠵᠠᠮ ᠬᠡᠳᠦᠢ ᠬᠤᠯᠠ ᠪᠤᠯᠪᠠᠴᠤ ᠶᠠᠪᠤᠪᠠᠰᠤ ᠬᠦᠷᠦᠶᠦ᠂ ᠶᠠᠪᠤᠳᠠᠯ ᠬᠡᠳᠦᠢ ᠬᠦᠴᠢᠷ ᠪᠤᠯᠪᠠᠴᠤ ᠬᠢᠪᠡᠰᠦ ᠪᠦᠲᠦᠮᠦᠢ᠃ 2024 ᠣᠨ ᠪᠣᠯ ᠮᠥᠨ ᠴᠤ ᠥᠷᠯᠥᠭᠡ ᠦᠳᠡᠰᠢ ᠶᠢ ᠲᠡᠮᠡᠴᠡᠨ᠂ ᠡᠷᠡᠯᠬᠡᠭᠯᠡᠨ ᠲᠡᠮᠡᠴᠡᠬᠦ‍ ᠨᠢᠭᠡ ᠵᠢᠯ ᠪᠣᠯᠣᠨ᠎ᠠ᠃ ᠪᠢᠳᠡ ᠳᠠᠷᠤᠢ ᠲᠦᠷᠭᠡᠨ ᠬᠥᠳᠡᠯᠦᠯᠴᠡᠵᠦ᠂ ᠲᠡᠨᠡᠭ ᠡᠪᠦᠭᠡᠨ ᠠᠭᠤᠯᠠ ᠶᠢ ᠨᠡᠭᠦᠯᠭᠡᠬᠦ ᠵᠣᠷᠢᠭ ᠰᠠᠨᠠᠭ᠎ᠠ ᠪᠠᠷ ᠬᠦᠴᠢᠷ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠠᠴᠠ ᠳᠤᠲᠠᠭᠠᠬᠤ ᠦᠭᠡᠢ ᠪᠠᠶᠢᠵᠤ᠂ ᠳᠤᠰᠤᠯ ᠤᠰᠤᠨ ᠴᠢᠯᠠᠭᠤ ᠶᠢ ᠴᠤᠭᠤᠯᠬᠤ ᠰᠥᠰᠥ ᠵᠣᠷᠢᠭ ᠢᠶᠠᠷ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠲᠥᠷᠥ ᠶᠢᠨ ᠪᠣᠳᠣᠯᠭ᠎ᠠ ᠶᠢ ᠮᠠᠨ ᠤ ᠣᠷᠣᠨ ᠳᠤ ︽ᠪᠡᠯᠡᠨ ᠮᠥᠩᠭᠦ ᠪᠤᠯᠭᠠᠬᠤ︾᠎ ᠶᠢ ᠯᠠᠪᠳᠠᠭᠤᠨ ᠪᠠᠲᠤᠲᠠᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠲᠠᠰᠤᠷᠠᠯᠲᠠ ᠦᠭᠡᠢ ᠴᠢᠨᠠᠷ ᠰᠠᠶᠢᠲᠠᠢ ᠬᠥᠭᠵᠢᠯᠲᠡ ᠶᠢᠨ ᠳᠠᠪᠠᠭᠤᠯᠢᠭ ᠪᠠ ᠢᠯᠠᠯᠲᠠ ᠶᠢᠨ ᠪᠠᠶᠢᠳᠠᠯ ᠪᠣᠯᠭᠠᠨ ᠬᠤᠪᠢᠷᠠᠭᠤᠯᠵᠤ᠂ ᠠᠤᠭ᠎ᠠ ᠬᠠᠷᠠᠯᠲᠠ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠰᠤᠭᠠᠢ᠃                  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号