ᠰᠢᠭᠦᠬᠦ ᠬᠤᠷᠢᠶ᠎ᠠ ᠶᠢᠨ ᠰᠠᠶᠢᠨ ᠢᠶᠠᠷ ᠳᠤᠯᠠᠭᠠᠨ ᠡᠪᠦᠯᠵᠢᠯ᠎ᠡ
ᠨᠡᠶᠢᠲᠡᠯᠡᠭᠰᠡᠨ ᠴᠠᠭ᠄
2024/3/11
        -ᠵᠢᠷᠠᠲᠠᠢ ᠳᠠᠬᠢ ᠠᠷᠠᠳ ᠤᠨ ᠰᠢᠭᠦᠬᠦ ᠲᠢᠩᠬᠢᠮ ᠶᠢᠨ ᠣᠯᠠᠨ ᠡᠰᠢᠴᠢᠯᠡᠭᠰᠡᠨ ᠡᠶᠡᠳᠡᠭᠦᠯᠭᠡ ᠶᠢᠨ ᠠᠵᠢᠯ ᠢ ᠲᠡᠮᠳᠡᠭᠯᠡᠪᠡ       ᠴᠢᠮᠡᠭᠡᠯᠡᠭᠴᠢ ᠫᠠᠨ ᠭᠦᠢ ᠯᠢᠩ            ᠳᠤᠯᠠᠭᠠᠯᠠᠭ᠎ᠠ ᠬᠠᠩᠭᠠᠬᠤ ᠪᠣᠯ ᠰᠠᠭᠤᠭᠠᠯᠢ ᠠᠷᠠᠳ ᠤᠨ ᠠᠮᠤᠷ ᠵᠢᠮᠤᠷ ᠠᠵᠤ ᠲᠦᠷᠦᠭᠦ ᠳᠤ ᠬᠤᠯᠪᠣᠭᠳᠠᠬᠤ ᠲᠣᠮᠣ ᠶᠠᠪᠤᠳᠠᠯ ᠪᠠᠶᠢᠭ᠎ᠠ ᠶᠤᠮ᠂ ᠭᠡᠲᠡᠯ᠎ᠡ ᠪᠣᠳᠠᠲᠤ ᠠᠮᠢᠳᠤᠷᠠᠯ ᠳᠤᠮᠳᠠ ᠡᠨᠡ ᠬᠦ ᠰᠡᠳᠬᠢᠯ ᠢ ᠳᠤᠯᠠᠭᠠᠴᠠᠭᠤᠯᠬᠤ ᠶᠠᠪᠤᠳᠠᠯ ᠨᠢ ᠬᠠᠷᠢᠨ ᠵᠠᠷᠭᠤ ᠵᠢᠭᠤᠷᠠᠯᠳᠤᠭᠠᠨ ᠠᠴᠠ ᠪᠣᠯᠵᠤ ᠪᠤᠬᠢᠨᠢᠳᠤᠯ ᠤᠨ ᠶᠠᠪᠤᠳᠠᠯ ᠴᠦ ᠪᠤᠯᠳᠠᠭ ᠠᠵᠢ᠃ ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠢᠷᠠᠲᠠᠢ ᠳᠠᠬᠢ ᠰᠢᠭᠦᠬᠦ ᠲᠢᠩᠬᠢᠮ ᠵᠠᠭᠠᠯᠳᠤᠯᠭ᠎ᠠ ᠠᠴᠠ ᠡᠮᠦᠨ᠎ᠡ ᠡᠶᠡᠳᠡᠭᠦᠯᠬᠦ ᠠᠷᠭ᠎ᠠ ᠪᠠᠷ ᠢᠯᠴᠢ ᠬᠠᠩᠭᠠᠬᠤ ᠵᠢᠭᠤᠷᠠᠯᠳᠤᠭᠠᠨ ᠢ ᠠᠮᠵᠢᠯᠲᠠ ᠲᠠᠢ ᠰᠢᠢᠳᠪᠦᠷᠢᠯᠡᠵᠦ ᠥᠭᠭᠦᠭᠰᠡᠨ ᠢᠶᠠᠷ᠂ ᠰᠠᠭᠤᠭᠠᠯᠢ ᠠᠷᠠᠳ ᠰᠢᠦᠢ ᠣᠪᠣᠭᠲᠤ᠄ ︽ᠰᠢᠭᠦᠬᠦ ᠬᠤᠷᠢᠶ᠎ᠠ ᠶᠢᠨ ᠰᠠᠶᠢᠨ ᠢᠶᠠᠷ ᠳᠤᠯᠠᠭᠠᠨ ᠡᠪᠦᠯᠵᠢᠯ᠎ᠡ︾ ᠭᠡᠵᠦ ᠲᠠᠯᠠᠷᠬᠠᠨ ᠶᠠᠷᠢᠵᠤ ᠪᠠᠶᠢᠯ᠎ᠠ᠃      ᠬᠠᠬᠢᠷ ᠡᠪᠦᠯ ᠤᠨ ᠬᠦᠢᠲᠡᠨ ᠪᠤᠯᠬᠤ ᠳᠤ᠂ ᠵᠢᠷᠠᠲᠠᠢ ᠶᠢᠨ ᠨᠢᠭᠡᠨ ᠳᠤᠯᠠᠭᠠᠯᠠᠭ᠎ᠠ ᠶᠢᠨ ᠺᠤᠮᠫᠠᠨᠢ ᠲᠡᠭᠦᠨ ᠤ ᠭᠡᠷ ᠲᠤ ᠢᠯᠴᠢ ᠬᠠᠩᠭᠠᠬᠤ ᠶᠢ ᠲᠡᠪᠴᠢᠭᠰᠡᠨ ᠠᠴᠠ ᠰᠢᠦᠢ ᠣᠪᠣᠭᠲᠤ ᠲᠤᠰ ᠳᠤᠯᠠᠭᠠᠯᠠᠭ᠎ᠠ ᠶᠢᠨ ᠺᠤᠮᠫᠠᠨᠢ ᠶᠢ ᠵᠢᠷᠠᠨᠲᠠᠢ ᠳᠠᠬᠢ ᠠᠷᠠᠳ ᠤᠨ ᠰᠢᠭᠦᠬᠦ ᠲᠢᠩᠬᠢᠮ ᠳᠤ ᠵᠠᠭᠠᠯᠳᠤᠵᠠᠢ᠃ ᠬᠡᠷᠡᠭ ᠤᠴᠢᠷ ᠤᠨ ᠥᠩᠭᠡᠷᠡᠯᠲᠡ ᠨᠢ ᠡᠶᠢᠮᠦ ᠪᠠᠶᠢᠵᠠᠢ᠃ ᠤᠤᠯ ᠨᠢ ᠯᠢ ᠣᠪᠣᠭᠲᠤ ᠰᠢᠦᠢ ᠣᠪᠣᠭᠲᠤ ᠠᠴᠠ ᠵᠢᠭᠡᠯᠡᠭᠰᠡᠨ ᠵᠣᠭᠤᠰ ᠢᠶᠠᠨ ᠪᠤᠴᠠᠭᠠᠭᠰᠠᠨ ᠦᠭᠡᠢ ᠳᠤ᠂ ᠰᠢᠭᠦᠬᠦ ᠲᠢᠩᠬᠢᠮ ᠠᠴᠠ ᠬᠡᠷᠡᠭ ᠢ ᠰᠢᠭᠦᠭᠰᠡᠨ ᠤ ᠳᠠᠷᠠᠭ᠎ᠠ ᠠᠯᠪᠠᠳᠠᠯᠭ᠎ᠠ ᠪᠠᠷ ᠬᠡᠷᠡᠭᠵᠢᠭᠦᠯᠵᠦ᠂ ᠥᠭᠴᠡᠭᠡᠲᠡᠨ ᠯᠢ ᠣᠪᠣᠭᠲᠤ ᠶᠢᠨ ᠵᠢᠷᠠᠲᠠᠢ ᠳᠤ ᠪᠠᠶᠢᠭ᠎ᠠ ᠨᠢᠭᠡ ᠢᠵᠢ ᠪᠠᠶᠢᠰᠢᠩ ᠭᠡᠷ ᠢ ᠰᠢᠦᠢ ᠣᠪᠣᠭᠲᠤ ᠳᠤ ᠲᠤᠯᠭᠠᠨ ᠥᠭᠴᠡᠢ᠃ ᠭᠡᠲᠡᠯ᠎ᠡ ᠤᠤᠯ ᠤᠨ ᠭᠡᠷ ᠤᠨ ᠡᠵᠡᠨ ᠯᠢ ᠣᠪᠣᠭᠲᠤ ᠡᠮᠦᠨᠡᠬᠢ ᠵᠢᠯ ᠤᠨ ᠳᠤᠯᠠᠭᠠᠯᠠᠭ᠎ᠠ ᠶᠢᠨ ᠰᠦᠢᠳᠬᠡᠯ ᠢᠶᠠᠨ ᠲᠥᠯᠥᠭᠰᠡᠨ ᠦᠭᠡᠢ ᠪᠠᠶᠢᠵᠠᠢ᠃ ᠳᠤᠯᠠᠭᠠᠯᠠᠭ᠎ᠠ ᠶᠢᠨ ᠺᠤᠮᠫᠠᠨᠢ ᠰᠢᠦᠢ ᠣᠪᠣᠭᠲᠤ ᠶᠢ ᠤᠤᠯ ᠤᠨ ᠭᠡᠷ ᠤᠨ ᠡᠵᠡᠨ ᠤ ᠤᠳᠠᠭᠠᠰᠢᠷᠠᠭᠤᠯᠵᠤ ᠪᠠᠶᠢᠭᠰᠠᠨ ᠳᠤᠯᠠᠭᠠᠯᠠᠭ᠎ᠠ ᠶᠢᠨ ᠰᠦᠢᠳᠬᠡᠯ ᠪᠠ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠬᠠᠮᠲᠤ ᠳᠤᠨᠢ ᠲᠤᠰᠢᠶᠠᠪᠠᠯ ᠰᠠᠶ᠋ᠢ ᠲᠡᠭᠦᠨ ᠤ ᠭᠡᠷ ᠲᠤ ᠦᠷᠭᠦᠯᠵᠢᠯᠡᠨ ᠳᠤᠯᠠᠭᠠᠯᠠᠭ᠎ᠠ ᠬᠠᠩᠭᠠᠨ᠎ᠠ ᠭᠡᠵᠡᠢ᠃ ᠰᠢᠦᠢ ᠣᠪᠣᠭᠲᠤ ᠳᠤᠯᠠᠭᠠᠯᠠᠭ᠎ᠠ ᠶᠢᠨ ᠺᠤᠮᠫᠠᠨᠢ ᠲᠠᠢ ᠬᠠᠷᠢᠯᠴᠠᠭᠠᠳ ᠦᠷ᠎ᠡ ᠳ᠋ᠦᠩ ᠭᠠᠷᠤᠭᠰᠠᠨ ᠦᠭᠡᠢ᠃ ᠵᠢᠷᠠᠲᠠᠢ ᠳᠠᠬᠢ ᠠᠷᠠᠳ ᠤᠨ ᠰᠢᠭᠦᠬᠦ ᠲᠢᠩᠬᠢᠮ ᠤᠨ ᠳᠠᠭᠠᠭᠠᠨ ᠡᠷᠭᠢᠯᠡᠭᠦ ᠰᠢᠭᠦᠭᠴᠢ ᠳᠤᠯᠠᠭᠠᠯᠠᠭ᠎ᠠ ᠶᠢᠨ ᠺᠤᠮᠫᠠᠨᠢ ᠶᠢᠨ ᠳᠤᠯᠠᠭᠠᠯᠠᠭ᠎ᠠ ᠬᠠᠩᠭᠠᠬᠤ ᠶᠢ ᠲᠡᠪᠴᠢᠭᠰᠡᠨ ᠰᠢᠯᠲᠠᠭᠠᠨ ᠢ ᠨᠠᠷᠢᠨ ᠠᠰᠠᠭᠤᠵᠤ᠂ ᠲᠤᠬᠠᠢ ᠶᠢᠨ ᠬᠥᠮᠥᠨ ᠤ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ ᠲᠡᠷᠡ ᠳᠠᠷᠤᠢ ᠳᠤᠨᠢ ᠳᠤᠯᠠᠭᠠᠯᠠᠭ᠎ᠠ ᠶᠢᠨ ᠺᠤᠮᠫᠠᠨᠢ ᠳᠤ ᠤᠲᠠᠰᠤᠳᠠᠨ ᠵᠣᠬᠢᠴᠠᠭᠤᠯᠬᠤ ᠳᠤ ᠳᠤᠯᠠᠭᠠᠯᠠᠭ᠎ᠠ ᠶᠢᠨ ᠺᠤᠮᠫᠠᠨᠢ ᠳᠡᠭᠡᠳᠦ ᠱᠠᠲᠤᠨ ᠳᠤ ᠬᠠᠷᠢᠭᠤ ᠮᠡᠳᠡᠭᠦᠯᠬᠦ ᠴᠢᠬᠤᠯᠠᠲᠠᠢ ᠭᠡᠳᠡᠭ ᠢᠶᠠᠷ ᠰᠢᠯᠲᠠᠭ ᠪᠣᠯᠭᠠᠨ ᠬᠤᠶᠢᠰᠢᠯᠠᠭᠤᠯᠵᠠᠢ᠃ ᠰᠢᠭᠦᠭᠴᠢ ᠠᠴᠠ ᠵᠢᠷᠠᠲᠠᠢ ᠪᠠᠯᠭᠠᠰᠤᠨ ᠤ ᠵᠠᠰᠠᠭ ᠤᠨ ᠣᠷᠳᠣᠨ ᠲᠠᠢ ᠬᠠᠮᠲᠤ ᠪᠠᠷ ᠢᠳᠡᠪᠬᠢᠲᠡᠢ ᠵᠣᠬᠢᠴᠠᠭᠤᠯᠤᠯᠲᠠ ᠬᠢᠭᠰᠡᠨ ᠢᠶᠠᠷ᠂ ᠳᠠᠷᠠᠭ᠎ᠠ ᠡᠳᠦᠷ ᠤᠨ ᠣᠷᠣᠢ ᠨᠢ ᠳᠤᠯᠠᠭᠠᠯᠠᠭ᠎ᠠ ᠶᠢᠨ ᠺᠤᠮᠫᠠᠨᠢ ᠠᠴᠠ ᠳᠤ ᠤᠲᠠᠰᠤ ᠢᠷᠡᠭᠦᠯᠵᠦ᠂ ᠵᠠᠭᠠᠯᠳᠤᠭᠴᠢ ᠶᠢᠨ ᠲᠠᠯ᠎ᠠ ᠠᠴᠠ ᠡᠨᠡ ᠵᠢᠯ ᠤᠨ ᠳᠤᠯᠠᠭᠠᠯᠠᠭ᠎ᠠ ᠶᠢᠨ ᠰᠦᠢᠳᠬᠡᠯ ᠲᠤᠰᠢᠶᠠᠪᠠᠯ ᠳᠤᠯᠠᠭᠠᠯᠠᠭ᠎ᠠ ᠬᠠᠩᠭᠠᠬᠤ ᠶᠢ ᠵᠥᠪᠰᠢᠶᠡᠷᠡᠵᠡᠢ᠃      ᠳᠤᠯᠠᠭᠠᠯᠠᠭ᠎ᠠ ᠨᠢ ᠲᠦᠭ ᠲᠦᠮᠡᠨ ᠠᠶᠢᠯ ᠡᠷᠦᠭᠡ ᠶᠢᠨ ᠳᠤᠯᠠᠭᠠᠨ ᠪᠦᠯᠢᠶᠡᠨ ᠡᠪᠦᠯᠵᠢᠬᠦ ᠲᠠᠢ ᠬᠤᠯᠪᠣᠭᠳᠠᠨ᠎ᠠ᠂ ᠡᠳᠦᠭᠡ ᠡᠨᠡᠬᠦ ᠳᠤᠯᠠᠭᠠᠯᠠᠭ᠎ᠠ ᠶᠢᠨ ᠠᠰᠠᠭᠤᠳᠠᠯ ᠢ ᠲᠣᠬᠢᠲᠠᠢ ᠰᠢᠢᠳᠪᠦᠷᠢᠯᠡᠭᠰᠡᠨ ᠨᠢ᠂ ᠮᠥᠨᠴᠦ ᠤᠯᠠᠨ ᠲᠦᠮᠡᠨ ᠳᠤ ᠨᠢᠭᠡᠨ ᠬᠤᠪᠢ ᠬᠠᠤᠯᠢ ᠴᠠᠭᠠᠵᠠ ᠶᠢᠨ ᠳᠤᠯᠠᠭᠠᠨ ᠪᠦᠯᠢᠶᠡᠨ ᠢ ᠬᠦᠷᠭᠡᠭᠰᠡᠨ ᠶᠠᠪᠤᠳᠠᠯ ᠪᠣᠯᠵᠠᠢ᠃            
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号