| | ᠬᠠᠷᠠᠯᠲᠠ ᠪᠠᠨ ᠲᠣᠭᠲᠠᠭᠠᠨ ᠵᠣᠷᠢᠭᠲᠠᠢ ᠠᠵᠢᠯᠯᠠᠰᠤᠭᠠᠢ | | ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ᠂ 2024 ᠣᠨ ᠤ ᠠᠵᠢᠯ ᠢ | ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠲᠥᠪ ᠬᠤᠷᠢᠶ᠎ᠠ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠨ᠂ ᠨᠢᠭᠡᠨ ᠵᠢᠱᠢᠶ᠎ᠡ ᠦᠵᠡᠭᠦᠯᠭᠦ ᠠᠶᠢᠮᠠᠭ ᠢ ᠪᠠᠶᠢᠭᠤᠯᠤᠨ᠂ | ᠲᠠᠪᠤᠨ ᠶᠡᠭᠡ ᠰᠠᠭᠤᠷᠢᠨ ᠭᠠᠵᠠᠷ ᠢ ᠪᠠᠶᠢᠭᠤᠯᠵᠤ᠂ ᠲᠤᠯᠤᠭᠠᠨ ᠲᠣᠮᠣ ᠢᠨᠵᠧᠨᠧᠷᠢᠩ ᠢ ᠬᠡᠷᠡᠭᠵᠢᠭᠦᠯᠦᠨ᠂ ᠪᠦᠭᠦ | ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠨᠡᠭᠡᠭᠡᠬᠦ᠂ ᠳᠤᠮᠳᠠᠳᠤ ᠤᠷᠤᠰᠬᠠᠯ ᠳᠤ | ᠣᠷᠣᠬᠤ ᠬᠠᠷᠠᠯᠲᠠ ᠶᠢ ᠪᠡᠶᠡᠯᠡᠭᠦᠯᠬᠦ ᠳᠤ ᠠᠯᠠᠱᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | | ᠨᠢᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠵᠢᠱᠢᠶ᠎ᠡ ᠦᠵᠡᠭᠦᠯᠭᠦ ᠠᠶᠢᠮᠠᠭ ᠢ ᠪᠦᠭᠦ ᠬᠦᠴᠦᠨ ᠢᠶᠠᠷ ᠪᠦᠲᠦᠭᠡᠨ ᠪᠠᠶᠢᠭᠤᠯᠤᠨ᠎ᠠ | | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠷᠤᠯᠲᠠ ᠶᠢ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠬᠤ ᠶᠢ | ᠠᠬᠢᠭᠤᠯᠵᠤ᠂ ᠥᠪᠡᠷ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠵᠡᠷᠭᠡᠪᠡᠷ ᠠᠳᠬᠤᠨ ᠬᠠᠮᠲᠤᠪᠠᠷ | ᠬᠠᠮᠢᠶᠠᠷᠤᠭᠰᠠᠨ᠂ ᠬᠦᠴᠦ ᠪᠠᠨ ᠬᠠᠮᠲᠤᠳᠬᠠᠵᠤ ᠠᠬᠢᠭᠤᠯᠤᠭᠰᠠᠨ ᠠᠵᠢᠯ ᠤᠨ ᠪᠠᠶᠢᠳᠠᠯ ᠢ ᠪᠦᠷᠢᠯᠳᠦᠭᠦᠯᠦᠨ᠎ᠡ᠃ ︽ | ᠲᠠᠪᠤᠨ ᠨᠢᠭᠡ︾ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠵᠢᠱᠢᠶ᠎ᠡ ᠦᠵᠡᠭᠦᠯᠭᠦ ᠠᠶᠢᠮᠠᠭ ᠢ | ᠪᠦᠲᠦᠭᠡᠨ ᠪᠠᠶᠢᠭᠤᠯᠬᠤ ᠠᠵᠢᠯ ᠤᠨ ᠭᠦᠨᠵᠡᠭᠡᠢ ᠥᠷᠨᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠣᠳᠠᠲᠤ | ᠦᠷ᠎ᠡ ᠪᠦᠲᠦᠮᠵᠢ ᠭᠠᠷᠭᠠᠨ᠎ᠠ᠃ | ︽ᠨᠢᠭᠡ ᠲᠥᠰᠥᠯ ᠢ ᠰᠠᠶᠢᠲᠤᠷ ᠨᠠᠶᠢᠳᠠᠪᠤᠷᠢᠵᠢᠭᠤᠯᠵᠤ︾ ︵︽ᠠᠯᠠᠱᠠ ᠠᠶᠢᠮᠠᠭ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠢ ᠪᠦᠭᠦ ᠲᠠᠯ᠎ᠠ ᠪᠠᠷ | ᠲᠤᠭᠤᠰᠢᠯᠠᠭᠤᠯᠬᠤ ᠬᠡᠷᠡᠭᠵᠢᠭᠦᠯᠬᠦ ᠲᠥᠰᠥᠯ︾︶ ᠢ ᠵᠦᠢᠯ ᠵᠤᠷᠪᠤᠰ ᠳᠠᠷᠠᠭᠠᠯᠠᠨ ᠰᠠᠶᠢᠲᠤᠷ ᠨᠠᠶᠢᠳᠠᠪᠤᠷᠢᠵᠢᠭᠤᠯᠵᠤ᠂ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︽ᠨᠢᠭᠡ ᠢᠵᠢ ᠯᠧᠺᠼᠢ ᠶᠢ ᠨᠡᠭᠡᠭᠡᠨ ᠬᠥᠭᠵᠢᠭᠦᠯᠵᠦ︾᠂ ᠠᠯᠠᠱᠠ ᠶᠢᠨ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠪᠣᠳᠠᠲᠤ ᠪᠠᠶᠢᠳᠠᠯ᠂ ᠢᠯᠡ ᠲᠣᠳᠣ ᠣᠨᠴᠠᠯᠢᠭ ᠲᠠᠢ | ᠬᠤᠪᠢᠰᠬᠠᠯ ᠤᠨ ᠭᠧᠨ ᠪᠣᠯᠣᠨ ᠶᠡᠭᠡ ᠲᠠᠯ᠎ᠠ ᠶᠢ ᠬᠠᠷᠠᠭᠠᠯᠵᠠᠬᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ | ᠭᠦᠨᠵᠡᠭᠡᠢ ᠠᠭᠤᠳᠠᠯᠤᠨ᠂ ᠨᠢᠭᠡ ᠪᠦᠯᠦᠭ ᠣᠨᠴᠠᠯᠢᠭᠲᠤ ᠪᠣᠯᠪᠠᠰᠤᠷᠠᠯ ᠤᠨ ᠬᠢᠴᠢᠶᠡᠯ ᠢ ᠨᠡᠭᠡᠭᠡᠨ ᠬᠥᠭᠵᠢᠭᠦᠯᠵᠦ᠂ | ᠠᠯᠠᠱᠠ ᠶᠢᠨ ᠦᠨᠳᠦᠰᠦᠲᠡᠨ ᠤ ᠪᠦᠯᠬᠦᠮᠳᠡᠯ᠂ ᠨᠤᠲᠤᠭ ᠤᠰᠤ ᠪᠠᠨ ᠰᠠᠬᠢᠨ ᠬᠢᠯᠢ ᠬᠢᠵᠠᠭᠠᠷ ᠢᠶᠠᠨ ᠬᠠᠮᠠᠭᠠᠯᠠᠭᠰᠠᠨ᠂ | ᠤᠯᠤᠰ ᠤᠨ ᠪᠠᠲᠤᠯᠠᠨ ᠬᠠᠮᠠᠭᠠᠯᠠᠯᠲᠠ ᠳᠤ ᠦᠢᠯᠡᠴᠢᠯᠡᠭᠰᠡᠨ᠂ ᠤᠮᠠᠷᠠᠲᠤ ᠬᠢᠯᠢ ᠶᠢ ᠪᠦᠲᠦᠭᠡᠨ ᠪᠠᠶᠢᠭᠤᠯᠤᠭᠰᠠᠨ | ᠦᠯᠢᠭᠡᠷ ᠢ ᠰᠠᠶᠢᠲᠤᠷ ᠶᠠᠷᠢᠨ᠎ᠠ᠃ | ︽ᠨᠢᠭᠡ ᠪᠦᠯᠦᠭ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠶᠢᠭᠤᠯᠵᠤ︾᠂ ᠳ᠋ᠦᠩᠹᠧᠩ ᠰᠠᠨᠰᠠᠷ ᠤᠨ | ᠬᠤᠳᠠ ᠵᠡᠷᠭᠡ ᠬᠤᠪᠢᠰᠬᠠᠯ ᠤᠨ ᠬᠥᠮᠦᠵᠢᠯ ᠤᠨ ᠣᠨᠴᠠᠭᠠᠢ ᠡᠬᠢ ᠪᠠᠶᠠᠯᠢᠭ ᠲᠤ ᠲᠦᠰᠢᠭᠯᠡᠨ᠂ ᠡᠵᠡᠨ᠎ᠡ ᠬᠤᠰᠢᠭᠤᠨ ᠤ | ᠰᠠᠨᠰᠠᠷ ᠤᠨ ᠠᠶᠠᠯᠠᠯ ᠤᠨ ᠵᠣᠷᠢᠭ ᠰᠠᠨᠠᠭᠠᠨ ᠤ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠵᠡᠷᠭᠡ ᠨᠢᠭᠡ ᠪᠦᠯᠦᠭ | ᠬᠥᠮᠦᠵᠢᠯ ᠦᠢᠯᠡᠳᠦᠯᠭᠡ ᠶᠢᠨ ᠰᠠᠭᠤᠷᠢᠨ ᠢ ᠰᠢᠰᠲ᠋ᠧᠮ ᠲᠠᠢ ᠪᠠᠷ ᠲᠥᠯᠥᠪᠵᠢᠭᠦᠯᠦᠨ ᠪᠠᠶᠢᠭᠤᠯᠵᠤ᠂ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠤᠯᠠᠨ ᠲᠦᠮᠡᠨ ᠳᠤ ᠦᠨᠡᠨ ᠪᠠᠶᠢᠳᠠᠯ ᠪᠣᠳᠠᠲᠤ ᠦᠵᠡᠮᠵᠢ ᠶᠢᠨ ᠳᠤᠮᠳᠠ ᠠᠴᠠ ᠤᠶᠤᠨ | ᠰᠠᠨᠠᠭᠠᠨ ᠤ ᠬᠦᠷᠲᠡᠭᠡᠯ ᠣᠯᠭᠤᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠣᠯᠭᠤᠨ᠎ᠠ᠃ | ︽ᠨᠢᠭᠡ ᠲᠦᠷᠦᠯ ᠲᠡᠮᠳᠡᠭ ᠢ ᠡᠭᠦᠳᠴᠦ︾᠂ ︽ᠤᠮᠠᠷᠠᠲᠤ ᠶᠢᠨ ᠰᠣᠶᠣᠯ - ᠠᠯᠠᠱᠠ ᠰᠣᠶᠣᠯ︾ ᠲᠦᠷᠦᠯ | ᠲᠡᠮᠳᠡᠭ ᠢ ᠪᠠᠶᠢᠭᠤᠯᠬᠤ ᠠᠷᠭ᠎ᠠ ᠵᠠᠮ ᠢ ᠰᠢᠰᠲ᠋ᠧᠮ ᠲᠠᠢ ᠰᠦᠪᠡᠭᠴᠢᠯᠡᠵᠦ᠂ ᠨᠢᠭᠡ ᠪᠦᠯᠦᠭ ᠤᠬᠠᠭᠤᠯᠭ᠎ᠠ ᠶᠢᠨ | ᠠᠵᠢᠯᠯᠠᠭ᠎ᠠ ᠶᠢᠨ ᠠᠴᠢᠶᠠᠯᠠᠪᠤᠷᠢ ᠶᠢ ᠨᠠᠷᠢᠨ ᠨᠢᠮᠪᠠᠢ ᠲᠥᠰᠥᠪᠯᠡᠨ᠂ ᠠᠯᠠᠱᠠ ᠶᠢᠨ ᠡᠬᠡ ᠭᠠᠵᠠᠷ ᠲᠤ ᠦᠨᠳᠦᠰᠦᠯᠡᠭᠰᠡᠨ | ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠰᠡᠳᠬᠢᠯ | ᠵᠢᠷᠦᠬᠡ ᠪᠠᠨ ᠬᠤᠯᠪᠣᠨ ᠪᠦᠯᠬᠦᠮᠳᠡᠨ ᠲᠡᠮᠡᠴᠡᠬᠦ ᠶᠢ ᠰᠠᠶᠢᠲᠤᠷ ᠵᠣᠷᠢᠭᠵᠢᠭᠤᠯᠤᠨ᠎ᠠ᠃ | ︽ᠨᠢᠭᠡ ᠪᠠᠲᠤᠯᠠᠭ᠎ᠠ ᠶᠢ ᠪᠠᠲᠤᠳᠬᠠᠵᠤ︾᠂ ︽ᠳᠦᠷᠦ ᠭᠦᠷᠦᠨ ᠤ ᠲᠣᠮᠣ ᠤᠴᠢᠷ︾ ᠲᠤ | ᠦᠢᠯᠡᠴᠢᠯᠡᠬᠦ ᠪᠠᠷ ᠭᠤᠣᠯᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠷ ᠶᠡᠭᠡ | ᠴᠡᠷᠢᠭ ᠤᠨ ᠰᠠᠭᠤᠷᠢᠨ ᠭᠠᠵᠠᠷ ᠲᠤ ᠦᠢᠯᠡᠴᠢᠯᠡᠭᠡ ᠪᠠᠲᠤᠯᠠᠭ᠎ᠠ ᠬᠠᠩᠭᠠᠬᠤ ᠰᠢᠷᠢᠰ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠦᠢᠯᠡᠴᠢᠯᠡᠭᠡ ᠬᠠᠮᠢᠶᠠᠷᠤᠯᠲᠠ ᠶᠢᠨ | ᠪᠠᠶᠢᠭᠤᠯᠤᠮᠵᠢ ᠶᠢ ᠪᠦᠷᠢᠨᠰᠢᠭᠦᠯᠦᠨ᠂ ᠨᠡᠶᠢᠭᠡᠮ ᠤᠨ ᠦᠢᠯᠡᠴᠢᠯᠡᠭᠡᠨ ᠤ ᠴᠢᠳᠠᠮᠵᠢ ᠶᠢ ᠢᠳᠡᠪᠬᠢᠲᠡᠢ ᠪᠠᠷ ᠳᠠᠭᠠᠭᠠᠨ | ᠠᠪᠴᠤ᠂ ᠳᠣᠣᠷ᠎ᠠ ᠠᠭᠠᠷ ᠤᠨ ᠠᠵᠤ ᠠᠬᠤᠢ ᠪᠠ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠬᠠᠷᠪᠤᠯᠲᠠ ᠶᠢᠨ | ᠠᠵᠤ ᠦᠢᠯᠡᠰ ᠢ ᠶᠡᠬᠡᠪᠡᠷ ᠬᠥᠭᠵᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠠᠨᠰᠠᠷ ᠤᠨ ᠠᠶᠠᠯᠠᠯ ᠤᠨ | ᠦᠢᠯᠡᠰ ᠲᠤ ᠦᠢᠯᠡᠴᠢᠯᠡᠵᠦ ᠪᠠᠲᠤᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ᠃ | | ᠬᠤᠶᠠᠷ᠂ ᠲᠠᠪᠤᠨ ᠶᠡᠭᠡ ᠰᠠᠭᠤᠷᠢᠨ ᠢ ᠬᠦᠴᠦᠯᠡᠨ ᠪᠠᠶᠢᠭᠤᠯᠤᠨ᠎ᠠ | | ᠮᠠᠨ ᠤ ᠤᠯᠤᠰ ᠤᠨ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ | ᠦᠵᠡᠭᠦᠯᠭᠦ ᠰᠠᠭᠤᠷᠢᠨ ᠢ ᠪᠠᠶᠢᠭᠤᠯᠤᠨ᠎ᠠ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ︽ᠲᠤᠯᠤᠭᠠᠨ ᠶᠡᠭᠡ ᠳᠠᠶᠢᠯᠠᠯᠳᠤᠭᠠᠨ︾ ᠢ ᠰᠠᠶᠢᠲᠤᠷ | ᠬᠢᠵᠦ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠢ ᠪᠠᠶᠢᠭᠤᠯᠤᠨ᠂ ᠠᠭᠤᠯᠠ ᠤᠰᠤ ᠣᠶ ᠰᠢᠭᠤᠢ ᠲᠠᠷᠢᠶᠠᠨ | ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠬᠠᠮᠠᠭᠠᠯᠠᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ | ᠡᠯᠡᠰᠦ ᠶᠢ ᠵᠠᠰᠠᠭᠠᠳ ᠠᠰᠢᠭ ᠭᠦᠷᠳᠡᠭᠦ᠂ ᠡᠯᠡᠰᠦ ᠶᠢ ᠬᠡᠷᠡᠭᠯᠡᠨ ᠬᠥᠭᠵᠢᠬᠦ᠂ ᠡᠯᠡᠰᠦ ᠶᠢ ᠲᠦᠰᠢᠭᠯᠡᠨ ᠪᠠᠶᠠᠵᠢᠬᠤ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠮ ᠢ ᠨᠡᠭᠡᠭᠡᠨ᠂ ᠠᠯᠠᠱᠠ ᠶᠢ ᠮᠠᠨ ᠤ ᠤᠯᠤᠰ ᠤᠨ ᠤᠮᠠᠷᠠᠲᠤ ᠶᠢᠨ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠵᠢᠱᠢᠶ᠎ᠡ ᠦᠵᠡᠭᠦᠯᠭᠦ ᠰᠠᠭᠤᠷᠢᠨ ᠪᠣᠯᠭᠠᠨ ᠪᠠᠶᠢᠭᠤᠯᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠯᠠᠱᠠ ᠶᠢᠨ ᠬᠤᠪᠢ ᠨᠡᠮᠡᠷᠢ ᠪᠠᠨ | ᠦᠵᠡᠭᠦᠯᠦᠨ᠎ᠡ᠃ | ᠪᠦᠭᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠣᠮᠣ ᠰᠠᠭᠤᠷᠢᠨ ᠢ ᠪᠠᠶᠢᠭᠤᠯᠤᠨ᠎ᠠ | ᠠᠯᠠᠱᠠ ᠶᠢ ᠪᠦᠭᠦ ᠤᠯᠤᠰ ᠤᠨ ᠰᠢᠨ᠎ᠡ ᠡᠨᠧᠷᠭᠢ ᠶᠢ ᠭᠠᠳᠠᠭᠰᠢ ᠭᠠᠷᠭᠠᠬᠤ ᠪᠠ ᠴᠡᠪᠡᠷ ᠡᠨᠧᠷᠭᠢ ᠶᠢ ᠬᠡᠷᠡᠭᠯᠡᠬᠦ | ᠴᠢᠬᠤᠯᠠ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠡᠨᠡ ᠵᠢᠯ ᠰᠢᠨ᠎ᠡ ᠡᠨᠧᠷᠭᠢ ᠶᠢᠨ ᠰᠤᠷᠪᠤᠯᠵᠢ ᠶᠢᠨ | ᠮᠠᠰᠢᠨ ᠴᠣᠭᠴᠠᠯᠠᠪᠤᠷᠢ ᠶᠢ ᠬᠤᠶᠠᠷ ᠳᠠᠭᠢᠨ ᠨᠡᠮᠡᠭᠳᠡᠭᠦᠯᠬᠦ ᠪᠠᠷ ᠴᠢᠷᠮᠠᠶᠢᠨ᠂ ᠬᠡᠪᠴᠢᠶ᠎ᠡ ᠶᠢ 1100 ᠲᠦᠮᠡᠨ | ᠺᠢᠯᠣᠸᠠᠲ ᠠᠴᠠ ᠳᠠᠪᠠᠭᠤᠯᠵᠤ᠂ 2025 ᠣᠨ ᠳᠤ ᠪᠠᠰᠠ ᠨᠢᠭᠡ ᠳᠠᠭᠢᠨ ᠨᠡᠮᠡᠭᠳᠡᠭᠦᠯᠦᠨ᠂ ᠪᠦᠭᠦ ᠠᠶᠢᠮᠠᠭ ᠤᠨ | ᠰᠢᠨ᠎ᠡ ᠡᠨᠧᠷᠭᠢ ᠶᠢᠨ ᠰᠤᠷᠪᠤᠯᠵᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 2500 ᠲᠦᠮᠡᠨ | ᠺᠢᠯᠣᠸᠠᠲ ᠲᠤ ᠬᠦᠷᠭᠡᠨ᠎ᠡ᠃ | ᠪᠦᠭᠦ ᠤᠯᠤᠰ ᠤᠨ ᠴᠢᠬᠤᠯᠠ ᠪᠦᠬᠦᠢ ᠣᠳᠣᠬᠢᠴᠢᠯᠠᠭᠰᠠᠨ ᠳᠠᠪᠤᠰᠤ ᠬᠤᠵᠢᠷ ᠤᠨ ᠬᠢᠮᠢ ᠶᠢᠨ ᠠᠵᠤ | ᠦᠢᠯᠡᠳᠪᠦᠷᠢ ᠶᠢᠨ ᠰᠠᠭᠤᠷᠢᠨ ᠢ ᠪᠠᠶᠢᠭᠤᠯᠤᠨ᠎ᠠ | ᠳᠡᠯᠡᠬᠡᠢ ᠶᠢᠨ ᠬᠠᠮᠤᠭ ᠲᠣᠮᠣ ᠴᠡᠪᠡᠷ ᠬᠤᠵᠢᠷ ᠤᠨ ᠦᠢᠯᠡᠳᠪᠦᠷᠢᠯᠡᠯ ᠤᠨ ᠰᠠᠭᠤᠷᠢᠨ ᠢ ᠥᠨᠳᠥᠷ | ᠪᠠᠷᠢᠮᠵᠢᠶ᠎ᠠ ᠪᠠᠷ ᠪᠠᠶᠢᠭᠤᠯᠵᠤ᠂ ᠲᠡᠷᠢᠭᠦᠨ ᠤ ᠮᠡᠷᠭᠡᠵᠢᠯ ᠲᠠᠢ᠂ ᠳᠠᠪᠠᠭᠤᠯᠢᠭ ᠢᠶᠠᠷ ᠲᠣᠪᠣᠶᠢᠮ᠎ᠠ᠂ ᠣᠨᠴᠠᠯᠢᠭ ᠢᠶᠠᠷ ᠢᠯᠡ | ᠲᠣᠳᠣ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠣᠶᠢᠵᠢᠭᠤᠯᠤᠨ᠂ 2030 ᠣᠨ ᠪᠤᠯᠬᠤ ᠳᠤ ᠪᠦᠭᠦ | ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ | ᠬᠤᠶᠠᠷ ᠳᠠᠭᠢᠨ ᠨᠡᠮᠡᠭᠳᠡᠭᠦᠯᠵᠦ᠂ 1500 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ | ᠪᠦᠭᠦ ᠤᠯᠤᠰ ᠤᠨ ᠣᠳᠣᠬᠢᠴᠢᠯᠠᠭᠰᠠᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ ᠢ | ᠪᠠᠶᠢᠭᠤᠯᠤᠨ᠎ᠠ | ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠡᠪᠡᠰᠦ ᠪᠣᠷᠳᠤᠭ᠎ᠠ ᠳᠠᠷᠢᠬᠤ᠂ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ᠂ ᠨᠠᠷᠢᠯᠢᠭ ᠡᠳ᠋ᠰᠢᠭᠦᠯᠬᠦ᠂ ᠤᠬᠠᠭᠤᠯᠤᠨ ᠪᠣᠷᠣᠯᠠᠭᠤᠯᠬᠤ ᠵᠡᠷᠭᠡ ᠶᠢ ᠨᠢᠭᠡ | ᠴᠣᠭᠴᠠᠵᠢᠭᠤᠯᠤᠭᠰᠠᠨ ᠪᠦᠭᠦ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ 2030 ᠣᠨ ᠪᠤᠯᠬᠤ ᠳᠤ ᠪᠦᠭᠦ | ᠠᠶᠢᠮᠠᠭ ᠤᠨ ᠲᠡᠮᠡᠭᠡᠨ ᠤ ᠠᠵᠤ ᠦᠢᠯᠡᠰ ᠤᠨ ᠪᠦᠭᠦ ᠬᠡᠯᠬᠢᠶᠡᠨ ᠤ ᠦᠢᠯᠡᠳᠬᠦᠨ ᠤ ᠥᠷᠲᠡᠭ ᠢ 100 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠪᠦᠭᠦ ᠤᠯᠤᠰ ᠤᠨ ᠣᠳᠣᠬᠢᠴᠢᠯᠠᠭᠰᠠᠨ ᠡᠯᠡᠰᠦᠨ ᠤ ᠠᠵᠤ ᠦᠢᠯᠡᠰ ᠤᠨ ᠰᠠᠭᠤᠷᠢᠨ ᠢ ᠪᠠᠶᠢᠭᠤᠯᠤᠨ᠎ᠠ | ᠬᠥᠮᠥᠨ ᠤ ᠬᠦᠴᠦ ᠪᠠᠷ ᠳᠠᠷᠢᠬᠤ᠂ ᠨᠠᠷᠢᠯᠢᠭ ᠡᠳ᠋ᠰᠢᠭᠦᠯᠬᠦ᠂ ᠨᠠᠷᠠᠲᠤ ᠲᠥᠷᠥᠯ ᠲᠡᠮᠳᠡᠭ ᠡᠭᠦᠳᠬᠦ᠂ ᠵᠠᠬ᠎ᠠ | ᠳᠡᠯᠭᠡᠭᠦᠷ ᠲᠤ ᠡᠵᠡᠩᠨᠡᠨ ᠪᠣᠷᠣᠯᠠᠭᠤᠯᠬᠤ ᠵᠡᠷᠭᠡ ᠪᠦᠭᠦ ᠠᠵᠤ ᠦᠢᠯᠡᠰ ᠤᠨ ᠰᠢᠰᠲ᠋ᠧᠮ ᠢ ᠪᠣᠶᠢᠵᠢᠭᠤᠯᠤᠨ | ᠬᠥᠭᠵᠢᠭᠦᠯᠵᠦ᠂ 2030 ᠣᠨ ᠪᠤᠯᠬᠤ ᠳᠤ ᠪᠦᠭᠦ ᠠᠶᠢᠮᠠᠭ ᠤᠨ ᠡᠯᠡᠰᠦᠨ ᠤ ᠠᠵᠤ ᠦᠢᠯᠡᠰ ᠤᠨ ᠦᠢᠯᠡᠳᠬᠦᠨ ᠤ | ᠥᠷᠲᠡᠭ ᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | | ᠭᠤᠷᠪᠠ᠂ ᠲᠤᠯᠤᠭᠠᠨ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ | | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠨᠤᠲᠤᠭ ᠢᠶᠠᠨ ᠰᠠᠬᠢᠵᠤ ᠬᠢᠯᠢ ᠪᠠᠨ | ᠬᠠᠮᠠᠭᠠᠯᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ | | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢ ᠬᠥᠭᠵᠢᠭᠦᠯᠬᠦ ᠶᠢ | ᠤᠶᠠᠯᠳᠤᠭᠤᠯᠤᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠨᠢᠭᠡᠳᠦᠭᠡᠷ ᠹᠷᠣᠨᠲ ᠲᠡᠶᠢᠰᠢ ᠪᠠᠶᠢᠷᠢᠯᠠᠭᠤᠯᠬᠤ ᠶᠢ ᠠᠬᠢᠭᠤᠯᠵᠤ᠂ ᠴᠡᠪᠡᠷ ᠴᠠᠭᠢᠯᠭᠠᠨ ᠢ ᠬᠡᠷᠡᠭᠯᠡᠬᠦ ᠪᠠ ᠭᠠᠳᠠᠭᠰᠢ | ᠬᠦᠷᠭᠡᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠨᠤᠲᠤᠭ ᠢᠶᠠᠨ ᠰᠠᠬᠢᠵᠤ ᠬᠢᠯᠢ ᠪᠠᠨ ᠬᠠᠮᠠᠭᠠᠯᠠᠬᠤ ᠶᠢ | ᠤᠶᠠᠯᠳᠤᠭᠤᠯᠤᠨ᠂ ᠠᠮᠢ ᠠᠬᠤᠢ ᠶᠢᠨ ᠣᠷᠴᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠠᠵᠤ ᠦᠢᠯᠡᠰ ᠢ | ᠬᠥᠭᠵᠢᠭᠦᠯᠬᠦ ᠪᠠᠷ ᠳᠠᠮᠵᠢᠭᠤᠯᠵᠤ᠂ ᠨᠡᠩ ᠤᠯᠠᠨ ᠬᠥᠮᠥᠨ ᠢ ᠨᠤᠲᠤᠭ ᠢᠶᠠᠨ ᠰᠠᠬᠢᠵᠤ ᠬᠢᠯᠢ ᠪᠠᠨ ᠬᠠᠮᠠᠭᠠᠯᠠᠬᠤ ᠳᠤ | ᠣᠷᠣᠯᠴᠠᠭᠤᠯᠤᠨ᠎ᠠ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠷᠠᠳ ᠢ ᠪᠠᠶᠠᠵᠢᠭᠤᠯᠤᠨ ᠣᠷᠣᠯᠭ᠎ᠠ ᠶᠢ | ᠨᠡᠮᠡᠭᠳᠡᠭᠦᠯᠬᠦ ᠶᠢ ᠤᠶᠠᠯᠳᠤᠭᠤᠯᠤᠨ᠂ ᠪᠠᠷᠠᠭᠤᠨ ᠣᠷᠣᠨ ᠤ ᠴᠦᠯᠯᠡᠷᠭᠡᠭᠵᠢᠯ ᠢ ᠵᠠᠰᠠᠬᠤ ᠬᠤᠶᠠᠳᠤᠭᠠᠷ ᠬᠤᠭᠤᠴᠠᠭᠠᠨ ᠤ | ᠳᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠤᠯᠠᠨ ᠲᠦᠮᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠳᠤ ᠣᠷᠤᠯᠴᠠᠬᠤ ᠪᠠᠷ ᠳᠠᠮᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠨ᠎ᠡ᠃ | | ᠬᠦᠷᠢᠶᠡᠯᠡᠩ ᠲᠣᠭᠤᠷᠢᠭ ᠪᠠ ᠠᠵᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ | ᠢᠨᠵᠧᠨᠧᠷᠢᠩ ᠢ ᠬᠡᠷᠡᠭᠵᠢᠭᠦᠯᠦᠨ᠎ᠡ | | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ | ᠬᠠᠮᠢᠶᠠᠷᠤᠯᠲᠠ ᠶᠢᠨ ᠪᠠᠶᠢᠭᠤᠯᠤᠯ ᠢᠶᠠᠨ ᠰᠢᠯᠤᠭᠤᠳᠬᠠᠨ᠂ ᠣᠳᠣᠬᠢᠴᠢᠯᠠᠭᠰᠠᠨ ᠬᠢᠮᠢ ᠶᠢᠨ ᠠᠵᠤ ᠦᠢᠯᠡᠳᠪᠦᠷᠢ ᠵᠡᠷᠭᠡ | ᠳᠠᠪᠠᠭᠤᠯᠢᠭ ᠭᠤᠣᠯᠯᠠᠬᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠤᠯᠤᠰ ᠤᠨ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠭᠦ ᠣᠷᠣᠨ ᠢ ᠴᠢᠷᠮᠠᠶᠢᠨ ᠡᠭᠦᠳᠦᠨ᠎ᠡ᠃ | ᠠᠯᠠᠱᠠ ᠵᠡᠭᠦᠨ ᠬᠤᠰᠢᠭᠤ ᠣᠯᠠᠨᠪᠤᠯᠠᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠴᠢᠳᠠᠪᠬᠢ ᠶᠢᠨ | ᠲᠥᠭᠦᠷᠵᠢᠭᠦᠯᠦᠯᠲᠡ ᠶᠢ ᠤᠷᠢᠳᠴᠢᠯᠠᠨ ᠲᠥᠯᠥᠪᠵᠢᠭᠦᠯᠵᠦ᠂ ᠥᠨᠳᠥᠷ ᠭᠠᠷᠤᠭ᠎ᠠ ᠠᠴᠠ ᠣᠯᠠᠨᠪᠤᠯᠠᠭ ᠪᠠᠯᠭᠠᠰᠤ ᠶᠢᠨ | ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠦᠨ᠎ᠡ᠃ | ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠣᠷᠣᠨ | ᠲᠡᠭᠷᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠭᠦ ᠶᠢ ᠢᠳᠡᠪᠬᠢᠲᠡᠢ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠨᠠᠷᠢᠯᠢᠭ ᠬᠢᠮᠢ ᠶᠢᠨ ᠠᠵᠤ | ᠦᠢᠯᠡᠳᠪᠦᠷᠢ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠵᠡᠷᠭᠡ ᠭᠤᠣᠯᠯᠠᠭᠴᠢ ᠠᠵᠤ | ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ | ᠡᠵᠡᠨ᠎ᠡ ᠬᠤᠰᠢᠭᠤ ᠪᠣᠯᠣᠨ ᠴᠡᠭᠡ ᠪᠣᠭᠤᠮᠲᠠ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠶᠢᠷᠡᠭᠦᠯᠵᠦ᠂ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠢᠳᠡᠪᠬᠢᠲᠡᠢ ᠪᠠᠷ ᠪᠡᠯᠡᠳᠬᠡᠨ ᠪᠠᠶᠢᠭᠤᠯᠵᠤ᠂ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠢᠯᠢ ᠬᠢᠵᠠᠭᠠᠷ ᠳᠣᠲᠣᠷ ᠭᠠᠵᠠᠷ ᠨᠢᠭᠡ ᠴᠣᠭᠴᠠᠵᠢᠭᠰᠠᠨ ᠨᠡᠭᠡᠭᠡᠯᠲᠡᠲᠤ | ᠬᠥᠭᠵᠢᠯᠲᠡ ᠶᠢᠨ ᠪᠦᠲᠦᠴᠡ ᠶᠢ ᠲᠦᠷᠭᠡᠳᠬᠡᠨ ᠪᠠᠶᠢᠭᠤᠯᠤᠨ᠎ᠠ᠃ | ᠠᠯᠠᠱᠠ ᠪᠠᠷᠠᠭᠤᠨ ᠬᠤᠰᠢᠭᠤ ᠴᠡᠪᠡᠷ ᠬᠤᠵᠢᠷ ᠤᠨ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ | ᠪᠤᠵᠠᠭᠠᠶᠢᠷᠠᠭᠤᠯᠬᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠡᠳ᠋ᠰᠢᠭᠦᠯᠬᠦ᠂ ᠤᠳᠤ ᠦᠶ᠎ᠡ ᠶᠢᠨ ᠬᠢᠯᠢ | ᠬᠢᠵᠠᠭᠠᠷ ᠤᠨ ᠬᠤᠲᠠ ᠪᠠᠯᠭᠠᠰᠤ ᠶᠢ ᠪᠠᠶᠢᠭᠤᠯᠬᠤ ᠲᠠᠢ ᠤᠶᠠᠯᠳᠤᠭᠤᠯᠵᠤ᠂ ᠳᠠᠩᠰᠤᠬᠪᠤᠯᠠᠭ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠱᠠᠯᠠᠪᠳᠠᠨ ᠪᠠᠶᠢᠭᠤᠯᠤᠨ᠎ᠠ᠃ | ᠳᠠᠪᠠᠭᠤᠯᠢᠭ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠳᠠᠪᠤᠰᠤ | ᠬᠤᠵᠢᠷ ᠤᠨ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ | ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠭᠤᠣᠯ ᠵᠠᠩᠭᠢᠯᠠᠭ᠎ᠠ ᠳᠤ ᠬᠠᠨᠳᠤᠭᠤᠯᠤᠨ᠂ ᠨᠢᠭᠡ | ᠪᠦᠯᠦᠭ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ ᠪᠠ ᠠᠵᠤ | ᠦᠢᠯᠡᠰ ᠤᠨ ᠰᠠᠭᠤᠷᠢ ᠶᠢ ᠲᠠᠭᠢᠨ ᠪᠠᠶᠢᠭᠤᠯᠬᠤ ᠵᠦᠢᠯᠡᠰ ᠢ ᠡᠬᠢᠯᠡᠭᠦᠯᠦᠨ ᠬᠡᠷᠡᠭᠵᠢᠭᠦᠯᠦᠨ᠎ᠡ᠃ | ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠲᠡᠮᠡᠭᠡᠨ ᠤ ᠠᠵᠤ | ᠦᠢᠯᠡᠰ᠂ ᠡᠯᠡᠰᠦᠨ ᠤ ᠠᠵᠤ ᠦᠢᠯᠡᠰ᠂ ᠬᠠᠴᠢᠨ ᠴᠢᠯᠠᠭᠤᠨ ᠤ ᠠᠵᠤ ᠦᠢᠯᠡᠰ ᠪᠣᠯᠣᠨ ᠲᠡᠮᠡᠭᠡᠨ ᠬᠢᠷᠭᠤᠤᠯ ᠤᠨ | ᠠᠵᠤ ᠦᠢᠯᠡᠰ ᠢ ᠨᠠᠷᠢᠯᠢᠭ ᠪᠥᠭᠡᠳ ᠰᠠᠶᠢᠨ ᠬᠢᠬᠦ ᠶᠢᠨ ᠲᠣᠭᠤᠷᠢᠨ ᠳᠤ᠂ ᠨᠡᠩ ᠤᠯᠠᠨ ᠠᠯᠠᠱᠠ ᠶᠢᠨ ︽ᠨᠡᠷᠡᠳᠦ | ᠣᠨᠴᠠᠯᠢᠭᠲᠤ ᠰᠢᠯᠢᠳᠡᠭ ᠰᠢᠨ᠎ᠡ︾ ᠪᠦᠲᠦᠭᠡᠭᠳᠡᠬᠦᠨ ᠢ ᠪᠦᠭᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠭᠠᠷᠭᠠᠬᠤ ᠶᠢ | ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠶᠢᠨ ᠲᠣᠭᠤᠷᠢᠨ ᠳᠤ᠂ ᠡᠯᠡᠰᠦ ᠮᠠᠩᠬ᠎ᠠ | ᠂ ᠲᠣᠣᠷᠠᠢ ᠶᠢᠨ ᠤᠢ᠂ ᠰᠠᠨᠰᠠᠷ ᠤᠨ ᠠᠶᠠᠯᠠᠯ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠡᠵᠡᠩᠨᠡᠯᠲᠡ ᠶᠢ | ᠨᠢᠭᠡᠳᠦᠯᠲᠡᠢ ᠲᠥᠯᠥᠪᠯᠡᠨ ᠨᠡᠭᠡᠭᠡᠨ ᠬᠥᠭᠵᠢᠭᠦᠯᠵᠦ᠂ ︽ᠠᠯᠠᠱᠠ ᠳᠤ ᠵᠤᠭᠠᠯᠠᠬᠤ︾ ᠰᠣᠶᠣᠯ ᠵᠢᠭᠤᠯᠴᠢᠯᠠᠯ ᠤᠨ | ᠨᠠᠷᠠᠲᠤ ᠲᠥᠷᠥᠯ ᠲᠡᠮᠳᠡᠭ ᠢ ᠪᠦᠭᠦ ᠲᠠᠯ᠎ᠠ ᠪᠠᠷ ᠪᠤᠶ ᠪᠣᠯᠭᠠᠨ᠎ᠠ᠃ | ᠠᠮᠤᠷ ᠲᠦᠪᠰᠢᠨ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ | ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠴᠡᠭᠴᠡᠯᠡᠨ | ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠦᠭᠦ ᠲᠠᠯ᠎ᠠ ᠪᠠᠷ | ᠳᠡᠭᠡᠭᠰᠢᠯᠡᠭᠦᠯᠦᠨ᠂ ᠬᠦᠨᠳᠦ ᠣᠨᠴᠠ ᠲᠣᠮᠣ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ | | ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ | | ᠵᠠᠮ ᠬᠠᠷᠢᠯᠴᠠᠭᠠᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠴᠡᠭᠡ ᠶᠢᠨ ᠬᠢᠯᠢ ᠠᠯᠤᠰᠯᠠᠭᠰᠠᠨ | ᠲᠡᠮᠦᠷ ᠵᠠᠮ᠂ ᠥᠯᠵᠡᠢ - ᠪᠠᠶᠠᠨᠬᠤᠲᠠ - ᠳᠡᠷᠡᠰᠦᠨ ᠬᠦᠷᠬᠦ ᠲᠡᠮᠦᠷ ᠵᠠᠮ᠂ ᠥᠯᠵᠡᠢ ᠪᠣᠭᠤᠮᠲᠠ ᠶᠢᠨ ᠬᠢᠯᠢ | ᠠᠯᠤᠰᠯᠠᠭᠰᠠᠨ ᠵᠠᠰᠠᠮᠠᠯ ᠵᠠᠮ ᠢ ᠡᠷᠲᠡᠬᠡᠨ ᠡᠬᠢᠯᠡᠭᠦᠯᠬᠦ ᠶᠢ ᠠᠬᠢᠭᠤᠯᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ | ᠲᠡᠮᠦᠷ ᠵᠠᠮ ᠤᠨ ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ᠂ ᠯᠢᠨ ᠾᠧ ᠠᠴᠠ ᠬᠠᠮᠢ ᠬᠦᠷᠬᠦ ᠲᠡᠮᠦᠷ | ᠵᠠᠮ ᠤᠨ ᠳᠠᠪᠬᠤᠷ ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠠᠯᠠᠱᠠ ᠵᠡᠭᠦᠨ ᠬᠤᠰᠢᠭᠤᠨ ᠤ | ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠳ᠋ᠦᠩᠹᠧᠩ ᠰᠠᠨᠰᠠᠷ ᠤᠨ ᠬᠤᠲᠠ ᠠᠴᠠ | ᠠᠷᠪᠠᠨ ᠳᠥᠷᠪᠡᠳᠦᠭᠡᠷ ᠰᠠᠭᠤᠷᠢᠨ ᠭᠠᠵᠠᠷ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠨ᠎ᠡ᠃ | ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ ᠬᠢᠯᠢ ᠬᠢᠵᠠᠭᠠᠷ ᠣᠷᠣᠨ ᠤ ︽ᠤᠰᠤ ᠴᠠᠭᠢᠯᠭᠠᠨ ᠵᠠᠮ | ᠨᠡᠪᠲᠡᠷᠡᠯᠭᠡ ᠴᠢᠮᠡᠭᠡ ᠬᠤᠯᠪᠤᠭ᠎ᠠ︾ ᠶᠢᠨ ᠰᠠᠭᠤᠷᠢ ᠲᠥᠬᠦᠭᠡᠷᠦᠮᠵᠢ ᠶᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠣᠶᠤᠨᠲᠤ ᠬᠢᠯᠢ ᠬᠢᠵᠠᠭᠠᠷ᠂ | ᠲᠣᠭᠠᠴᠢᠯᠠᠭᠰᠠᠨ ᠬᠢᠯᠢ ᠬᠢᠵᠠᠭᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠢᠯᠢ ᠬᠢᠵᠠᠭᠠᠷ | ᠣᠷᠣᠨ ᠤ ︽ᠬᠥᠨᠳᠡᠶᠢᠷᠡᠯ︾ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ᠤᠯᠠᠨ ᠨᠡᠶᠢᠲᠡ ᠶᠢᠨ ᠠᠮᠤᠷ ᠲᠦᠪᠰᠢᠨ ᠤ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠨᠢᠭᠡ ᠪᠦᠯᠦᠭ ᠤᠰᠤᠨ ᠠᠰᠢᠭᠯᠠᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠭᠠᠮᠰᠢᠭ ᠢ ᠰᠡᠷᠭᠡᠶᠢᠯᠡᠨ ᠪᠠᠭᠠᠰᠬᠠᠬᠤ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ | | ᠰᠡᠳᠬᠢᠯ ᠳᠤᠯᠠᠭᠠᠴᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ | | ᠰᠤᠷᠭᠠᠨ ᠬᠥᠮᠦᠵᠢᠯ ᠡᠮ ᠡᠮᠨᠡᠯᠭᠡ ᠶᠢ ᠰᠠᠶᠢᠲᠤᠷ ᠡᠷᠭᠢᠯᠡᠵᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ | ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠣᠷᠣᠭᠤᠯᠤᠨ ᠠᠪᠴᠢᠷᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠬᠠᠮᠲᠤᠷᠠᠨ ᠰᠤᠷᠭᠠᠭᠤᠯᠢ ᠡᠷᠭᠢᠯᠡᠭᠦ ᠵᠠᠭᠪᠤᠷ ᠢ ᠭᠦᠨᠵᠡᠭᠡᠶᠢᠷᠡᠭᠦᠯᠵᠦ ᠥᠷᠭᠡᠳᠬᠡᠨ᠂ ᠪᠠᠭᠰᠢ ᠶᠢᠨ | ᠡᠩᠨᠡᠭᠡ ᠶᠢᠨ ᠴᠢᠳᠠᠪᠤᠷᠢ ᠬᠡᠪ ᠴᠢᠨᠠᠷ ᠤᠨ ᠪᠣᠯᠪᠠᠰᠤᠷᠠᠯ ᠢ ᠴᠢᠩᠭᠠᠳᠬᠠᠨ᠂ ᠡᠯ᠎ᠡ ᠰᠤᠷᠤᠯᠭ᠎ᠠ ᠶᠢᠨ ᠱᠠᠲᠤᠨ ᠤ ᠵᠢᠭᠠᠨ | ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠪᠴᠠᠩ ᠤᠨ ᠭᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢᠨ | ᠲᠠᠰ ᠳᠠᠪᠬᠤᠷᠭ᠎ᠠ ᠬᠦᠷᠢᠶ᠎ᠡ ᠬᠡᠪᠴᠢᠶ᠎ᠡ ᠶᠢ ᠪᠠᠬᠢᠵᠢᠭᠦᠯᠦᠨ ᠥᠷᠭᠡᠳᠬᠡᠵᠦ᠂ ᠨᠠᠩ ᠣᠯᠠᠨ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠢ ᠳᠠᠳᠠᠨ ᠣᠷᠣᠭᠤᠯᠤᠨ᠎ᠠ᠃ ᠵᠢᠭᠤᠯᠴᠢᠯᠠᠨ ᠨᠤᠲᠤᠭᠰᠢᠵᠤ ᠡᠷᠡᠭᠦᠯ ᠲᠡᠩᠬᠡᠯᠡᠭᠦᠨ | ᠠᠮᠢᠳᠤᠷᠠᠬᠤ ᠠᠰᠠᠷᠠᠮᠵᠢ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠠᠯᠠᠱᠠ ᠶᠢᠨ ᠣᠨᠴᠠᠯᠢᠭ ᠲᠠᠢ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭ ᠢ ᠪᠤᠶ ᠪᠣᠯᠭᠠᠨ᠎ᠠ᠃ | ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ ᠡᠵᠡᠩᠨᠡᠭᠴᠢ ᠶᠢᠨ ᠰᠡᠳᠬᠢᠯ ᠢ | ᠳᠤᠯᠠᠭᠠᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠨ ᠬᠡᠷᠡᠭᠵᠢᠭᠦᠯᠦᠭᠰᠡᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ᠃ ︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠭᠦ︾ ︽ᠨᠢᠭᠡ | ᠴᠣᠩᠬᠤᠪᠴᠢ ᠪᠠᠷ ᠭᠥᠯᠢᠶᠡᠨ ᠰᠢᠢᠳᠪᠦᠷᠢᠯᠡᠬᠦ︾ ᠪᠠ ᠨᠡᠶᠢᠯᠡᠮᠡᠯ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ | ᠂ ᠲᠤᠶᠢᠯ ᠤᠨ ᠲᠥᠭᠦᠮ ᠬᠢᠨᠠᠨ ᠵᠦᠪᠰᠢᠶᠡᠷᠡᠯᠳᠡ᠂ ᠲᠤᠶᠢᠯ ᠤᠨ ᠰᠢᠯᠢᠳᠡᠭ ᠦᠢᠯᠡᠴᠢᠯᠡᠭᠡ᠂ ᠲᠤᠶᠢᠯ ᠤᠨ ᠣᠨᠣᠪᠴᠢᠲᠠᠶ | ᠬᠠᠮᠢᠶᠠᠷᠤᠯᠲᠠ᠂ ᠲᠤᠶᠢᠯ ᠤᠨ ᠶᠡᠭᠡ ᠬᠠᠷᠠᠭᠠᠯᠵᠠᠯ ᠢ ᠪᠦᠭᠦ ᠲᠠᠯ᠎ᠠ ᠪᠠᠷ ᠬᠡᠷᠡᠭᠵᠢᠭᠦᠯᠦᠨ᠂ ᠵᠠᠰᠠᠭ ᠠᠵᠤ | ᠠᠬᠤᠶᠢᠯᠠᠯ ᠤᠨ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠦᠷᠢᠨᠰᠢᠭᠦᠯᠦᠨ ᠪᠠᠶᠢᠩᠭᠤᠵᠢᠭᠤᠯᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ ᠵᠣᠷᠢᠭ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ | ᠬᠥᠭᠵᠢᠭᠡᠨ᠎ᠡ᠃ | ᠬᠤᠲᠠ ᠪᠠᠯᠭᠠᠰᠤ ᠶᠢ ᠰᠠᠶᠢᠲᠤᠷ ᠪᠦᠲᠦᠭᠡᠨ ᠪᠠᠶᠢᠭᠤᠯᠵᠤ ᠬᠥᠮᠥᠰ ᠤᠨ ᠰᠡᠳᠬᠢᠯ ᠢ ᠨᠢᠭᠲᠠᠷᠠᠭᠤᠯᠤᠨ᠎ᠠ᠃ | ᠠᠶᠢᠮᠠᠭ ᠬᠤᠰᠢᠭᠤ ᠬᠠᠮᠲᠤᠪᠠᠷ ᠪᠠᠶᠢᠭᠤᠯᠬᠤ ᠶᠢ ᠪᠠᠷᠢᠮᠲᠠᠯᠠᠵᠤ᠂ ᠪᠠᠶᠠᠨᠬᠤᠲᠠ ᠶᠢᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠪᠤᠰᠤᠳ ᠭᠤᠣᠯ | ᠪᠤᠯᠬᠤ ᠬᠤᠲᠠ ᠪᠠᠯᠭᠠᠰᠤ ᠴᠤ ᠴᠢᠳᠠᠮᠵᠢ ᠶᠢᠨ ᠴᠢᠨᠠᠷ ᠴᠢᠨᠰᠠᠭ᠎ᠠ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ | | ᠨᠡᠭᠡᠭᠡᠯᠲᠡ ᠬᠢᠵᠦ ᠬᠠᠮᠲᠤᠷᠠᠯᠴᠠᠬᠤ ᠢᠨᠵᠧᠨᠧᠷᠢᠩ ᠢ ᠬᠡᠷᠡᠭᠵᠢᠭᠦᠯᠦᠨ᠎ᠡ | | ᠣᠳᠣᠬᠢᠴᠢᠯᠠᠭᠰᠠᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠡᠨᠡ | ᠵᠢᠯ ᠴᠡᠭᠡ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠨᠡᠭᠦᠷᠡᠰᠦ ᠶᠢ 2000 ᠲᠦᠮᠡᠨ ᠲᠣᠨ ᠠᠴᠠ | ᠳᠠᠪᠠᠭᠤᠯᠬᠤ ᠪᠠᠷ ᠴᠢᠷᠮᠠᠶᠢᠵᠤ᠂ ᠥᠯᠵᠡᠢ ᠪᠣᠭᠤᠮᠲᠠ ᠶᠢᠨ ᠪᠣᠭᠤᠮᠲᠠ ᠨᠡᠭᠡᠭᠡᠬᠦ ᠨᠥᠬᠦᠴᠡᠯ ᠢ ᠪᠦᠷᠢᠯᠳᠦᠭᠦᠯᠦᠨ᠎ᠡ᠃ | ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠴᠡᠭᠡ ᠪᠣᠭᠤᠮᠲᠠ ᠶᠢᠨ ᠬᠢᠯᠢ ᠶᠢᠨ | ᠬᠠᠮᠲᠤᠷᠠᠯᠴᠠᠭᠠᠨ ᠤ ᠣᠷᠣᠨ ᠪᠣᠯᠣᠨ ᠤᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠣᠷᠣᠨ ᠲᠣᠭᠤᠷᠢᠭ ᠢ | ᠭᠤᠶᠤᠴᠢᠯᠠᠨ ᠮᠡᠳᠡᠭᠦᠯᠵᠦ᠂ ᠮᠣᠩᠭᠤᠯ ᠤᠯᠤᠰ ᠲᠤ ᠭᠠᠷᠭᠠᠬᠤ ᠠᠷᠠᠯᠵᠢᠶᠠᠨ ᠤ ᠭᠡᠯᠪᠡᠷᠢ ᠶᠢ ᠪᠠᠶᠠᠯᠢᠭᠵᠢᠭᠤᠯᠤᠨ | ᠥᠷᠭᠡᠵᠢᠭᠦᠯᠦᠨ᠎ᠡ᠃ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ | ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠳᠣᠲᠣᠭᠠᠳᠤ ᠭᠠᠳᠠᠭᠠᠳᠤ ᠳᠤ ᠨᠡᠪᠲᠡᠷᠡᠭᠦᠯᠦᠭᠰᠡᠨ᠂ ᠪᠠᠷᠠᠭᠤᠨ ᠬᠤᠶᠢᠲᠤ | ᠣᠷᠣᠨ ᠢ ᠨᠥᠯᠥᠭᠡᠯᠡᠭᠰᠡᠨ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠭᠰᠡᠨ ᠨᠡᠭᠡᠭᠡᠯᠲᠡᠲᠤ ᠬᠥᠭᠵᠢᠯᠲᠡ ᠶᠢᠨ | ᠪᠦᠲᠦᠴᠡ ᠶᠢ ᠲᠦᠷᠭᠡᠪᠴᠢᠯᠡᠨ ᠪᠠᠶᠢᠭᠤᠯᠤᠨ᠎ᠠ᠃ | ᠪᠠᠷᠠᠭᠤᠨ ᠣᠷᠣᠨ ᠤ ᠨᠡᠭᠦᠷᠡᠰᠦ ᠨᠥᠭᠡᠴᠡᠯᠡᠵᠦ ᠲᠣᠬᠢᠷᠠᠭᠤᠯᠬᠤ ᠲᠥᠪ ᠢ ᠲᠦᠷᠭᠡᠪᠴᠢᠯᠡᠨ ᠪᠠᠶᠢᠭᠤᠯᠤᠨ᠎ᠠ᠃ | ᠪᠣᠭᠤᠮᠲᠠ ᠶᠢᠨ ᠭᠠᠵᠠᠷ ᠣᠷᠣᠨ ᠤ ︽ᠥᠪᠥᠷ ᠮᠣᠩᠭᠤᠯ ᠤᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ᠂ | ᠰᠢᠨᠵᠢᠶᠠᠩ ᠤᠨ ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ︾ ᠵᠠᠩᠭᠢᠯᠠᠭ᠎ᠠ ᠶᠢᠨ ᠬᠦᠢᠰᠦ ᠪᠠᠶᠢᠭᠤᠯᠬᠤ ᠶᠢ ᠲᠦᠯᠬᠢᠨ | ᠠᠬᠢᠭᠤᠯᠵᠤ᠂ ᠳᠤᠮᠳᠠᠳᠤ ᠮᠣᠩᠭᠤᠯ ᠤᠨ ᠬᠢᠯᠢ ᠳᠠᠬᠢ ᠬᠠᠮᠤᠭ ᠤᠨ ᠲᠣᠮᠣ ᠨᠡᠭᠦᠷᠡᠰᠦ ᠲᠥᠪᠯᠡᠷᠡᠭᠦᠯᠦᠨ ᠲᠠᠷᠬᠠᠭᠠᠬᠤ | ᠭᠠᠵᠠᠷ ᠪᠠ ᠠᠷᠠᠯᠵᠢᠶᠠᠨ ᠤ ᠳᠠᠮᠵᠢᠭᠤᠯᠭ᠎ᠠ ᠶᠢᠨ ᠭᠠᠷᠠᠮ ᠢ ᠬᠦᠴᠦᠯᠡᠨ ᠪᠠᠶᠢᠭᠤᠯᠤᠨ᠎ᠠ᠃ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠯᠲᠡ ᠬᠢᠨ᠎ᠡ᠃ ᠤᠯᠤᠰ ᠤᠨ | ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠲᠠᠢ | ᠤᠶᠠᠯᠳᠤᠭᠤᠯᠤᠨ᠂ ᠠᠭᠤᠷᠬᠠᠢ ᠬᠠᠶᠢᠨ ᠰᠢᠨᠵᠢᠯᠡᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠨᠡᠭᠡᠭᠡᠨ ᠠᠰᠢᠭᠯᠠᠬᠤ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠭᠠᠬᠤ ᠪᠠᠷ ᠴᠢᠷᠮᠠᠶᠢᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ᠂ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠭᠠᠷᠭᠠᠨ᠎ᠠ | ᠃ | | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠦᠨ᠎ᠡ | | ᠡᠬᠢ ᠰᠤᠷᠪᠤᠯᠵᠢ ᠶᠢ ᠰᠠᠶᠢᠲᠤᠷ ᠨᠡᠭᠡᠭᠡᠨ᠎ᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ᠂ | ᠳᠤᠮᠳᠠᠳᠤ ᠤᠯᠤᠰ ᠤᠨ ᠤᠰᠤᠨ ᠤ ᠡᠷᠬᠡ ᠶᠢᠨ ᠠᠷᠠᠯᠵᠢᠶᠠᠨ ᠤ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ᠤᠰᠤᠨ ᠤ ᠭᠦᠢᠴᠡᠳᠬᠡᠯ ᠲᠤᠭ᠎ᠠ ᠣᠯᠬᠤ ᠪᠠᠷ ᠴᠢᠷᠮᠠᠶᠢᠨ᠎ᠠ᠃ | ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭ᠎ᠠ ᠶᠢ ᠢᠳᠡᠪᠬᠢᠲᠡᠢ | ᠥᠷᠨᠢᠭᠦᠯᠵᠦ᠂ ᠡᠩ ᠤᠨ ᠪᠤᠰᠤ ᠤᠰᠤᠨ ᠤ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠠᠷᠭ᠎ᠠ ᠪᠦᠭᠦᠨ ᠢ | ᠰᠦᠪᠡᠭᠴᠢᠯᠡᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠨ᠎ᠡ᠃ | ᠠᠷᠪᠢᠯᠠᠨ ᠭᠠᠮᠨᠠᠬᠤ ᠶᠢ ᠰᠠᠶᠢᠲᠤᠷ ᠬᠢᠨ᠎ᠡ᠃ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ | ᠤᠰᠤ ᠪᠠᠷ ᠭᠠᠵᠠᠷ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠦᠢᠯᠡᠳᠪᠦᠷᠢᠯᠡᠯ ᠢ | ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠤᠰᠤ ᠶᠢ ᠠᠷᠪᠢᠯᠠᠨ ᠦᠷ᠎ᠡ | ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠶᠢ ᠠᠷᠪᠢᠯᠠᠨ ᠪᠣᠬᠢᠷᠳᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠶᠢ ᠠᠷᠪᠢᠯᠠᠨ ᠪᠦᠷᠢᠯᠭᠡᠯ ᠢ ᠪᠠᠭᠠᠰᠬᠠᠬᠤ ᠶᠢ ᠠᠬᠢᠭᠤᠯᠵᠤ᠂ | ᠨᠢᠭᠡ ᠪᠦᠯᠦᠭ ᠤᠰᠤ ᠠᠷᠪᠢᠯᠠᠬᠤ ᠭᠡᠯᠪᠡᠷᠢ ᠶᠢᠨ ᠤᠰᠤᠯᠠᠯᠲᠠ ᠶᠢᠨ ᠣᠷᠣᠨ᠂ ᠬᠦᠷᠢᠶᠡᠯᠡᠩ ᠲᠣᠭᠤᠷᠢᠭ᠂ ᠪᠠᠶᠢᠭᠤᠯᠭ᠎ᠠ | ᠨᠢᠭᠡᠴᠢ᠂ ᠰᠤᠷᠭᠠᠭᠤᠯᠢ᠂ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ | | ᠴᠢᠳᠠᠪᠤᠷᠢᠲᠠᠨ ᠪᠠ ᠰᠢᠨᠵᠢᠯᠡᠭᠡ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ | | ᠴᠢᠳᠠᠪᠤᠷᠢᠲᠠᠨ ᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠴᠢᠳᠠᠪᠤᠷᠢᠲᠠᠨ ᠤ ᠲᠤᠬᠠᠢ ᠬᠠᠨᠳᠤᠯᠭᠠᠲᠤ | ᠴᠢᠨᠠᠷ ᠢᠶᠠᠷ ᠴᠢᠩᠭ᠎ᠠ᠂ ᠦᠨ᠎ᠡ ᠴᠡᠨ᠎ᠡ ᠥᠨᠳᠥᠷ ᠨᠢᠭᠡ ᠪᠦᠯᠦᠭ ᠲᠦᠷᠦ ᠶᠢᠨ ᠪᠣᠳᠣᠯᠭ᠎ᠠ ᠶᠢ ᠰᠤᠳᠤᠯᠤᠨ | ᠬᠡᠷᠡᠭᠵᠢᠭᠦᠯᠵᠦ᠂ ᠨᠡᠷᠡᠳᠤ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ | ᠬᠦᠴᠦ ᠪᠠᠨ ᠲᠥᠪᠯᠡᠷᠡᠭᠦᠯᠦᠨ ᠨᠢᠭᠡ ᠪᠦᠯᠦᠭ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠢ | ᠣᠷᠣᠭᠤᠯᠤᠨ ᠠᠪᠴᠢᠷᠠᠨ᠎ᠠ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ᠂ ᠬᠦᠰᠡᠯ | ᠵᠣᠷᠢᠯᠲᠠ ᠪᠠᠨ ᠪᠡᠶᠡᠯᠡᠭᠦᠯᠬᠦ ᠳᠤ ᠨᠡᠩ ᠰᠡᠳᠬᠢᠯ ᠠᠮᠤᠷ ᠠᠭᠤᠷ ᠠᠮᠢᠰᠬᠤᠯ ᠪᠠ ᠨᠥᠬᠦᠴᠡᠯ ᠢ ᠪᠤᠢ ᠪᠤᠯᠭᠠᠵᠤ | ᠥᠭᠭᠦᠨ᠎ᠡ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ | ᠦᠢᠯᠡᠰ ᠤᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠪᠠ ᠭᠤᠣᠯᠯᠠᠬᠤ ᠥᠷᠢᠰᠦᠯᠳᠦᠬᠦ ᠬᠦᠴᠦᠨ ᠢ ᠲᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ | | |