1 + 1 > 2᠎ ᠤᠨ ᠬᠠᠮᠲᠤᠷᠠᠯ ᠬᠦᠴᠦᠨ ᠢ ᠪᠠᠳᠠᠷᠠᠭᠤᠯᠰᠤᠭᠠᠢ
ᠨᠡᠶᠢᠲᠡᠯᠡᠭᠰᠡᠨ ᠴᠠᠭ᠄
2024/3/11
      - ︽ᠵᠢᠷᠭᠤᠭᠠᠨ ᠢᠨᠵᠧᠨᠧᠷᠢᠩ︾᠎ ᠢ ᠪᠦᠭᠦ ᠬᠦᠴᠦᠨ ᠢᠶᠠᠷ       ᠰᠠᠶᠢᠲᠤᠷ ᠠᠳᠬᠤᠬᠤ ᠲᠤᠬᠠᠢ ᠬᠤᠶᠠᠷᠲᠠ ᠥᠭᠦᠯᠡᠬᠦ ᠨᠢ                       ᠵᠢᠢ ᠬᠠᠢ ᠶᠠᠩ            ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠠᠳᠬᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠄ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠦᠨ᠂ ᠨᠡᠶᠢᠭᠡᠮ ᠤᠨ ᠬᠦᠴᠦᠨ ᠤ ᠣᠷᠤᠯᠴᠠᠬᠤ ᠢᠳᠡᠪᠬᠢᠵᠢᠯ ᠢ ᠭᠦᠢᠴᠡᠳ ᠬᠥᠭᠵᠢᠭᠡᠵᠦ᠂ ᠡᠨᠡ ᠬᠦ᠋‍ ᠨᠢᠭᠡ ᠯᠡ ᠳᠡᠭᠡᠷ᠎ᠡ ᠣᠯᠠᠨ ᠢ ᠪᠦᠲᠦᠭᠡᠬᠦ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ᠃      ᠥᠪᠥᠷ ᠮᠣᠩᠭᠤᠯ ᠪᠣᠯ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠲᠠᠶᠢᠨ ᠤ ᠲᠠᠯᠠᠪᠤᠷ᠂ ᠡᠯᠡᠰᠦᠨ ᠰᠢᠭᠤᠷᠭ᠎ᠠ ᠶᠢ ᠰᠡᠷᠭᠡᠶᠢᠯᠡᠬᠦ ᠭᠤᠣᠯ ᠰᠡᠷᠭᠡᠶᠢᠯᠡᠯᠲᠡ ᠶᠢᠨ ᠱᠤᠭᠤᠮ ᠪᠤᠯᠬᠤ ᠪᠥᠭᠡᠳ ᠤᠯᠤᠰ ᠤᠨ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠪᠣᠯᠣᠨ᠎ᠠ᠃ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠳᠤᠷᠠᠳᠤᠨ ᠭᠠᠷᠭᠠᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ︽ᠬᠤᠶᠠᠷ ᠬᠠᠭᠠᠰ︾᠎ ᠨᠢ ᠥᠪᠥᠷ ᠮᠣᠩᠭᠤᠯ ᠳᠤ ᠪᠠᠶᠢᠵᠤ᠂ ᠤᠳᠤ ᠪᠢᠳᠡ ᠲᠥᠯᠦᠪᠵᠢᠭᠦᠯᠭᠡ ᠶᠢᠨ ᠲᠥᠰᠥᠯ ᠲᠠᠢ ᠪᠣᠯᠤᠭᠰᠠᠨ ᠢᠶᠠᠷ ᠪᠠᠷᠠᠬᠤ ᠦᠭᠡᠢ ᠶᠠᠭ ᠪᠦᠭᠦ ᠲᠠᠯ᠎ᠠ ᠪᠠᠷ ᠬᠡᠷᠡᠭᠵᠢᠭᠦᠯᠵᠦ ᠪᠤᠢ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠪᠣᠯ ︽ᠲᠠᠪᠤᠨ ᠶᠡᠭᠡ ᠡᠭᠦᠷᠭᠡ︾᠎ ᠶᠢᠨ ᠰᠡᠳᠦᠪ ᠤᠨ ᠳᠣᠲᠣᠷᠠᠬᠢ ᠠᠭᠤᠯᠭ᠎ᠠ ᠪᠣᠯᠣᠨ᠎ᠠ᠂ ᠪᠠᠶᠢᠷᠢᠰᠢᠭᠤᠯᠤᠯᠲᠠ ᠨᠢ ᠴᠦ ᠲᠣᠳᠣᠷᠬᠠᠢ ᠪᠣᠯᠵᠠᠢ᠃ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠵᠤ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠᠯ᠂ ︽1 + 1 > 2︾᠎ ᠤᠨ ᠦᠷ᠎ᠡ ᠪᠦᠲᠦᠮᠵᠢ ᠶᠢ ᠣᠯᠵᠤ᠂ ᠪᠣᠬᠢᠷᠳᠤᠯ ᠦᠭᠡᠢ ᠴᠠᠭᠢᠯᠭᠠᠨ ᠢ ᠢᠯᠡᠭᠦᠬᠡᠨ ᠭᠠᠷᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠡᠯᠡ ᠮᠥᠩᠭᠦ ᠶᠢ ᠢᠯᠡᠭᠦᠬᠡᠨ ᠴᠤᠭᠯᠠᠭᠤᠯᠬᠤ ᠪᠠᠷ ᠪᠠᠷᠠᠬᠤ ᠦᠭᠡᠢ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠂ ᠨᠢᠭᠡ ᠯᠡ ᠳᠡᠭᠡᠷ᠎ᠡ ᠤᠯᠠᠨ ᠶᠠᠪᠤᠳᠠᠯ ᠢ ᠪᠦᠲᠦᠭᠡᠵᠦ ᠴᠢᠳᠠᠨ᠎ᠠ᠃      ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠳᠠᠯᠢ ᠴᠢᠭᠯᠡᠯ ᠢᠶᠠᠷ ᠬᠦᠴᠦᠯᠡᠨ᠂ ᠬᠠᠮᠲᠤᠷᠠᠯ ᠬᠦᠴᠦᠨ ᠢ ᠪᠦᠷᠢᠯᠳᠦᠭᠦᠯᠪᠡᠯ ᠰᠠᠶ᠋ᠢ ᠡᠨᠡ ᠬᠦ᠋‍ ᠨᠢᠭᠡ ᠯᠡ ᠳᠡᠭᠡᠷ᠎ᠡ ᠤᠯᠠᠨ ᠢ ᠪᠦᠲᠦᠭᠡᠬᠦ ᠰᠠᠶᠢᠨ ᠶᠠᠪᠤᠳᠠᠯ ᠢ ᠰᠠᠶᠢᠲᠤᠷ ᠬᠢᠵᠦ ᠴᠢᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯᠯᠠᠭ᠎ᠠ ᠪᠠᠨ ᠲᠦᠷᠭᠡᠳᠬᠡᠨ᠂ ᠳᠡᠭᠡᠭᠰᠢ ᠢᠳᠡᠪᠬᠢᠲᠡᠢ ᠵᠣᠯᠭᠠᠭᠤᠯᠵᠤ᠂ ᠤᠯᠤᠰ ᠤᠨ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠪᠠᠷ ᠨᠠᠩ ᠶᠡᠭᠡ ᠳᠡᠮᠵᠢᠯᠭᠡ ᠦᠵᠡᠭᠦᠯᠭᠦ ᠶᠢ ᠴᠢᠷᠮᠠᠶᠢᠨ ᠲᠡᠮᠡᠴᠡᠨ ᠣᠯᠬᠤ ᠬᠡᠷᠡᠭᠲᠡᠢ᠃ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠦᠨ᠂ ᠵᠣᠷᠢᠭᠲᠠᠢ ᠬᠢᠵᠦ᠂ ᠠᠷᠭ᠎ᠠ ᠵᠠᠮ ᠢ ᠨᠢ ᠥᠷᠭᠡᠨ ᠪᠠᠶᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠬᠤᠪᠢ ᠬᠥᠮᠥᠨ ᠤ ᠣᠷᠤᠯᠴᠠᠬᠤ ᠢᠳᠡᠪᠬᠢᠵᠢᠯ ᠢ ᠬᠠᠮᠤᠭ ᠶᠡᠭᠡ ᠬᠡᠮᠵᠢᠶ᠎ᠡ ᠪᠠᠷ ᠬᠥᠭᠵᠢᠭᠡᠬᠦ ᠬᠡᠷᠡᠭᠲᠡᠢ᠃ ︽ᠬᠥᠰᠢᠭᠦᠷᠭᠡ︾ ᠎ ᠶᠢᠨ ᠦᠢᠯᠡᠳᠦᠯ ᠢ ᠪᠠᠳᠠᠷᠠᠭᠤᠯᠬᠤ ᠳᠤ ᠴᠢᠳᠠᠮᠠᠭᠠᠢ ᠪᠠᠶᠢᠵᠤ᠂ ᠨᠡᠩ ᠤᠯᠠᠨ ᠨᠡᠶᠢᠭᠡᠮ ᠤᠨ ᠪᠡᠯᠡ ᠬᠥᠷᠥᠩᠭᠡ ᠶᠢᠨ ᠣᠷᠤᠯᠴᠠᠯᠭ᠎ᠠ ᠶᠢ ᠲᠠᠶᠢᠴᠢᠯᠠᠨ᠂ ᠨᠡᠩ ᠰᠦᠷ ᠳᠠᠯᠠᠶᠢᠴᠠᠲᠠᠢ ᠬᠥᠭᠵᠢᠯᠲᠡ ᠶᠢᠨ ᠬᠦᠴᠦᠨ ᠢ ᠪᠠᠳᠠᠷᠠᠭᠤᠯᠬᠤ ᠬᠡᠷᠡᠭᠲᠡᠢ᠃      ᠴᠢᠷᠮᠠᠶᠢᠨ ᠠᠵᠢᠯᠯᠠᠳᠠᠭ ᠬᠥᠮᠥᠨ ᠦᠷᠭᠦᠯᠵᠢ ᠠᠮᠵᠢᠯᠲᠠ ᠳᠤ ᠭᠦᠷᠳᠡᠭ᠂ ᠬᠠᠯᠠᠰᠢᠷᠠᠯ ᠦᠭᠡᠢ ᠤᠷᠤᠭᠰᠢᠯᠠᠳᠠᠭ ᠬᠥᠮᠥᠨ ᠬᠡᠵᠢᠶᠡᠳᠡ ᠵᠣᠷᠢᠯᠭ᠎ᠠ ᠳᠠᠭᠠᠨ ᠭᠦᠷᠳᠡᠭ᠃ ᠨᠢᠭᠡ ᠨᠢᠭᠡ ᠪᠣᠳᠠᠲᠠᠢ ᠶᠠᠪᠤᠳᠠᠯ ᠠᠴᠠ ᠡᠬᠢᠯᠡᠨ ᠠᠳᠬᠤᠵᠤ᠂ ᠬᠠᠷᠢᠭᠤᠴᠠᠯᠭ᠎ᠠ ᠶᠢ ᠮᠡᠳᠡᠵᠦ ᠬᠠᠷᠢᠭᠤᠴᠠᠯᠭ᠎ᠠ ᠡᠭᠦᠷᠭᠡᠯᠡᠨ ᠭᠤᠣᠯ ᠳᠠᠶᠢᠯᠠᠯᠳᠤᠭᠠᠨ ᠤ ᠲᠠᠯᠠᠪᠤᠷ ᠢ ᠰᠠᠶᠢᠲᠤᠷ ᠰᠠᠬᠢᠵᠤ᠂ ᠭᠤᠣᠯ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠪᠠᠷ ᠪᠠᠷᠠᠬᠤ ᠦᠭᠡᠢ ᠪᠠᠰᠠ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ ᠣᠳᠣᠬᠢᠴᠢᠯᠠᠭᠰᠠᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠪᠣᠳᠠᠲᠠᠢ ᠬᠢᠬᠦ ᠭᠡᠷᠡᠭᠲᠡᠢ᠂ ᠡᠭᠦᠨ ᠤ ᠬᠠᠮᠲᠤ ᠡᠯᠡᠰᠦ ᠶᠢ ᠵᠠᠰᠠᠵᠤ ᠨᠣᠭᠤᠭᠠᠷᠠᠭᠤᠯᠤᠯᠲᠠ ᠶᠢ ᠥᠷᠭᠡᠳᠬᠡᠬᠦ ᠮᠥᠷᠲᠡᠭᠡᠨ ᠪᠠᠰᠠ ᠴᠠᠭᠢᠯᠭᠠᠨ ᠭᠠᠷᠭᠠᠵᠤ ᠡᠨᠧᠷᠭᠢ ᠶᠢ ᠨᠡᠮᠡᠭᠳᠡᠭᠦᠯᠦᠨ᠎ᠡ᠂ ᠢᠩᠭᠢᠪᠡᠯ ᠰᠠᠶ᠋ᠢ ᠥᠪᠥᠷ ᠮᠣᠩᠭᠤᠯ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠨᠢᠭᠡᠳᠬᠡᠬᠦ ᠵᠠᠮ ᠳᠡᠭᠡᠷ᠎ᠡ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠣᠯᠬᠤ ᠨᠢ ᠯᠠᠪᠲᠠᠢ᠃            
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号