| | | | ᠪᠣᠳᠠᠲᠠᠢ ᠠᠵᠢᠯᠯᠠᠵᠤ ᠦᠷ᠎ᠡ ᠪᠦᠲᠦᠭᠡᠯ ᠭᠠᠷᠭᠠᠰᠤᠭᠠᠢ | ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠠᠴᠠ᠂ ᠪᠦᠭᠦ ᠠᠶᠢᠮᠠᠭ ᠤᠨ ᠡᠯ᠎ᠡ | ᠱᠠᠲᠤᠨ ᠤ ᠬᠢᠨ ᠪᠦᠭᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ | ᠡᠷᠡᠯᠬᠡᠭᠯᠡᠨ ᠤᠷᠤᠭᠰᠢᠯᠠᠬᠤ ᠭᠡᠷᠡᠭᠲᠡᠢ᠂ ᠠᠶᠢᠮᠠᠭ ᠤᠨ ᠨᠠᠮ ᠤᠨ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠲᠠᠯ᠎ᠠ ᠪᠠᠷ ᠬᠦᠴᠦᠯᠡᠨ᠂ ᠬᠦᠴᠢᠷ ᠰᠡᠳᠦᠪ ᠢ ᠳᠠᠶᠢᠯᠵᠦ᠂ ᠨᠠᠢᠮᠠᠨ | ᠲᠠᠯ᠎ᠠ ᠶᠢᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠨᠢᠭᠡ ᠨᠢᠭᠡ ᠠᠯᠬᠤᠮ ᠢᠶᠠᠷ ᠡᠴᠦᠰ ᠲᠤᠨᠢ | ᠲᠤᠯᠲᠠᠯ᠎ᠠ ᠬᠢᠵᠦ ᠪᠡᠶᠡᠯᠡᠭᠦᠯᠦᠭᠡᠳ᠂ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | | ᠨᠢᠭᠡ᠂ ᠲᠥᠷᠥᠯ ᠵᠦᠢᠯ ᠢᠶᠠᠷ ᠭᠤᠣᠯ ᠪᠤᠯᠭᠠᠬᠤ ᠣᠶᠢᠯᠠᠭᠠᠭᠳᠠᠬᠤᠨ ᠢ ᠪᠠᠲᠤᠳᠬᠠᠵᠤ᠂ ᠴᠢᠨᠠᠷ ᠰᠠᠶᠢᠲᠠᠢ | ᠬᠥᠭᠵᠢᠯᠲᠡ ᠶᠢᠨ ᠲᠤᠯᠭᠠᠭᠤᠷᠢᠯᠠᠯ ᠢ ᠴᠣᠭᠴᠠᠯᠠᠨ᠎ᠠ | | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠭᠦ ᠬᠦᠴᠦᠨ ᠢᠶᠠᠷ ᠬᠢᠨ᠎ᠡ᠃ 2024 ᠣᠨ ᠳᠤ ᠪᠦᠭᠦ | ᠠᠶᠢᠮᠠᠭ 134 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠣᠭᠲᠠᠭᠠᠵᠤ᠂ ᠶᠡᠷᠦᠩᠬᠡᠢ ᠪᠡᠯᠡ | ᠣᠷᠣᠭᠤᠯᠤᠯᠲᠠ ᠶᠢ 2704 ᠳ᠋ᠦᠩᠰᠢᠭᠤᠷ ᠲᠥᠭᠦᠷᠢᠭ ᠲᠤ ᠬᠦᠷᠭᠡᠨ᠂ ᠣᠨ ᠤ ᠪᠡᠯᠡ ᠣᠷᠣᠭᠤᠯᠤᠯᠲᠠ ᠶᠢ 446 | ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠤᠳᠤᠷᠢᠳᠤᠯᠭ᠎ᠠ ᠠᠴᠠ ᠳᠠᠭᠠᠭᠠᠴᠢᠯᠠᠬᠤ᠂ ᠲᠤᠰᠬᠠᠢ ᠪᠠᠭ ᠢᠶᠠᠷ | ᠠᠬᠢᠭᠤᠯᠬᠤ ᠵᠡᠷᠭᠡ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭ᠎ᠠ ᠶᠢᠨ ᠠᠵᠢᠯ᠂ | ᠲᠣᠬᠢᠷᠠᠭᠤᠯᠭ᠎ᠠ ᠬᠢᠬᠦ᠂ ᠬᠡᠪᠴᠢᠶᠡᠵᠢᠭᠦᠯᠦᠨ ᠨᠢᠭᠡᠳᠦᠯᠲᠡᠢ ᠪᠤᠯᠭᠠᠬᠤ ᠶᠢ ᠠᠳᠬᠤᠨ᠂ ᠲᠦᠷᠦᠯ ᠵᠦᠢᠯ ᠤᠨ ᠪᠦᠭᠦ | ᠬᠡᠯᠬᠢᠶ᠎ᠡ ᠪᠦᠭᠦ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠪᠦᠭᠦ ᠵᠢᠯ ᠤᠨ ᠪᠡᠯᠡ ᠣᠷᠣᠭᠤᠯᠤᠯᠲᠠ ᠶᠢᠨ | ᠬᠡᠮᠵᠢᠶ᠎ᠡ᠂ ᠪᠣᠳᠠᠰ ᠤᠨ ᠬᠡᠮᠵᠢᠶ᠎ᠡ᠂ ᠠᠵᠢᠯ ᠤᠨ ᠬᠡᠮᠵᠢᠶ᠎ᠡ ᠶᠢ ᠵᠡᠷᠭᠡᠪᠡᠷ ᠳᠡᠭᠡᠭᠰᠢᠯᠡᠭᠦᠯᠭᠦ ᠶᠢ ᠪᠠᠲᠤᠯᠠᠨ᠎ᠠ᠃ | ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠲᠦᠷᠦᠯ ᠵᠦᠢᠯ ᠢ ᠳᠠᠳᠠᠨ ᠣᠷᠣᠭᠤᠯᠤᠨ᠎ᠠ᠃ ᠠᠷᠠᠯᠵᠢᠶᠠᠴᠢᠨ | ᠤᠷᠢᠬᠤ ᠭᠤᠣᠯᠳᠠᠯᠭ᠎ᠠ ᠶᠢ ᠲᠣᠪᠤᠶᠢᠯᠭᠠᠨ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠵᠠᠬ᠎ᠠ | ᠳᠡᠯᠭᠡᠭᠦᠷ ᠤᠨ ᠢᠷᠡᠭᠡᠳᠦᠢ ᠰᠠᠶᠢᠨ᠂ ᠲᠤᠯᠭᠠᠭᠤᠷᠢᠯᠠᠨ ᠳᠠᠶᠢᠴᠢᠯᠠᠬᠤ ᠪᠠᠷ ᠴᠢᠩᠭ᠎ᠠ ᠨᠢᠭᠡ ᠪᠦᠯᠦᠭ ᠲᠣᠮᠣ ᠳᠦᠷᠦᠯ | ᠵᠦᠢᠯ᠂ ᠰᠠᠶᠢᠨ ᠳᠦᠷᠦᠯ ᠵᠦᠢᠯ ᠢ ᠳᠠᠳᠠᠨ ᠣᠷᠣᠭᠤᠯᠤᠨ᠎ᠠ᠃ ᠠᠷᠠᠯᠵᠢᠶᠠᠴᠢᠨ ᠤᠷᠢᠬᠤ ᠠᠷᠭ᠎ᠠ ᠭᠡᠯᠪᠡᠷᠢ ᠪᠠᠨ | ᠪᠠᠶᠠᠯᠢᠭᠵᠢᠭᠤᠯᠤᠨ᠂ ᠬᠠᠨᠳᠤᠯᠭ᠎ᠠ ᠲᠠᠢ ᠪᠠᠷ ᠰᠢᠭᠤᠳ ᠬᠠᠷᠢᠴᠠᠨ ᠠᠷᠠᠯᠵᠢᠶᠠᠴᠢᠨ ᠤᠷᠢᠵᠤ᠂ ᠣᠨᠴᠠᠯᠢᠭ | ᠳᠠᠪᠠᠭᠤᠯᠢᠭ ᠢᠶᠠᠨ ᠲᠣᠪᠤᠶᠢᠯᠭᠠᠨ ᠠᠷᠠᠯᠵᠢᠶᠠᠴᠢᠨ ᠤᠷᠢᠨ᠎ᠠ᠃ ᠠᠷᠠᠯᠵᠢᠶᠠᠴᠢᠨ ᠤᠷᠢᠬᠤ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠵᠦ᠂ ᠠᠷᠠᠯᠵᠢᠶᠠᠴᠢᠨ ᠤᠷᠢᠵᠤ ᠪᠡᠯᠡ ᠳᠡᠳᠡᠨ ᠣᠷᠣᠭᠤᠯᠬᠤ ᠪᠣᠳᠠᠲᠠᠢ ᠪᠡᠯᠡ ᠮᠥᠩᠭᠦ ᠶᠢ | 15% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠂ ᠣᠷᠣᠭᠤᠯᠵᠤ ᠠᠪᠴᠢᠷᠠᠭᠰᠠᠨ ᠲᠥᠷᠥᠯ ᠵᠦᠢᠯ ᠤᠨ | ᠲᠤᠬᠠᠢ ᠶᠢᠨ ᠵᠢᠯ ᠳᠡᠭᠡᠨ ᠠᠵᠢᠯ ᠡᠬᠢᠯᠡᠭᠦᠯᠬᠦ ᠨᠣᠷᠮ᠎ᠠ ᠶᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ᠃ | ᠳᠤᠭᠢᠶᠠᠯ ᠢ ᠠᠳᠬᠤᠨ ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠣᠨ᠎ᠠ᠃ ᠲᠥᠷᠥ ᠶᠢᠨ ᠪᠣᠳᠣᠯᠭ᠎ᠠ ᠶᠢ | ᠢᠮᠠᠭᠲᠠ ᠠᠩᠬᠠᠷᠤᠨ᠂ ᠨᠢᠭᠡ ᠪᠦᠯᠦᠭ ᠰᠠᠭᠤᠷᠢ ᠲᠠᠯᠪᠢᠬᠤ ᠪᠤᠶᠤ ᠠᠯᠤᠰ ᠭᠡᠲᠦ ᠶᠢᠨ ᠦᠷ᠎ᠡ ᠠᠰᠢᠭᠲᠠᠢ ᠲᠥᠷᠥᠯ | ᠵᠦᠢᠯ ᠢ ᠢᠳᠡᠪᠬᠢᠲᠡᠢ ᠨᠥᠭᠡᠴᠡᠯᠡᠵᠦ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠣᠷᠣᠭᠤᠯᠤᠨ᠂ ᠨᠥᠭᠡᠴᠡᠯᠡᠵᠦ ᠪᠠᠶᠢᠭᠰᠠᠨ ᠠᠴᠠ ᠪᠦᠲᠦᠭᠡᠨ ᠪᠠᠶᠢᠭᠤᠯᠬᠤ ᠪᠣᠯᠭᠠᠨ ᠬᠤᠪᠢᠷᠠᠭᠤᠯᠵᠤ᠂ | ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | | ᠬᠤᠶᠠᠷ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠨ᠎ᠡ ᠶᠢ ᠡᠭᠦᠳᠦᠨ᠎ᠡ᠃ ᠲᠠᠷᠢᠶᠠᠨ ᠭᠠᠵᠠᠷ ᠢ | ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠨ᠎ᠠ᠃ ᠤᠰᠤ ᠠᠷᠪᠢᠯᠠᠬᠤ ᠥᠨᠳᠥᠷ ᠪᠦᠲᠦᠮᠵᠢᠲᠡᠶ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ | ᠲᠥᠬᠦᠭᠡᠷᠦᠮᠵᠢᠲᠦ ᠲᠠᠷᠢᠶᠠᠯᠠᠩ ᠢ 2000 ᠮᠦ ᠨᠡᠮᠡᠭᠳᠡᠭᠦᠯᠦᠨ᠂ 8.8 ᠲᠦᠮᠡᠨ ᠮᠦ ᠴᠢᠨᠠᠷ ᠰᠠᠶᠢᠲᠠᠢ ᠲᠡᠵᠢᠭᠡᠯ | ᠡᠪᠡᠰᠦ ᠲᠠᠷᠢᠵᠤ᠂ ︽ᠨᠣᠭᠤᠭ᠎ᠠ ᠶᠢᠨ ᠰᠠᠭᠰᠤ︾ ᠶᠢᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠵᠢᠦᠢ ᠶᠠᠨ ᠤ ᠪᠠᠯᠲᠤ ᠬᠡᠮᠬᠡ ᠪᠠ ᠴᠢ ᠯᠢᠨ | ᠲᠠᠷᠪᠤᠰ ᠤᠨ ᠠᠵᠤ ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠲᠠᠯ᠎ᠠ ᠨᠤᠲᠤᠭ ᠤᠨ | ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ ᠴᠠᠭᠠᠨ ᠨᠣᠣᠯᠣᠭᠤᠷ ᠤᠨ | ᠢᠮᠠᠭᠠᠨ ᠤ ᠡᠭᠦᠯᠳᠡᠷ ᠬᠠᠮᠠᠭᠠᠯᠠᠬᠤ ᠰᠠᠭᠤᠷᠢᠨ ᠢ ᠪᠠᠶᠢᠭᠤᠯᠬᠤ ᠪᠠᠷ ᠴᠢᠷᠮᠠᠶᠢᠵᠤ᠂ 3000 ᠲᠡᠮᠡᠭᠡᠨ ᠬᠢᠷᠭᠤᠤᠯ ᠢ | ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ︽ | ᠪᠦᠭᠦ ᠤᠯᠤᠰ ᠤᠨ ᠣᠳᠣᠬᠢᠴᠢᠯᠠᠭᠰᠠᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ︾ ᠢ | ᠬᠦᠴᠦᠯᠡᠨ ᠪᠠᠶᠢᠭᠤᠯᠵᠤ᠂ ᠣᠳᠣᠬᠢᠴᠢᠯᠠᠭᠰᠠᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ᠂ ᠲᠡᠮᠡᠭᠡᠲᠦ | ᠨᠤᠲᠤᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠰᠠᠶᠢᠲᠤᠷ ᠪᠠᠶᠢᠭᠤᠯᠤᠨ᠎ᠠ᠃ ︽ᠪᠦᠭᠦ ᠤᠯᠤᠰ ᠤᠨ | ᠣᠳᠣᠬᠢᠴᠢᠯᠠᠭᠰᠠᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ︾ ᠢ | ᠬᠦᠴᠦᠯᠡᠨ ᠪᠠᠶᠢᠭᠤᠯᠵᠤ᠂ ᠬᠥᠲᠥᠴᠢ ᠠᠵᠤ ᠠᠬᠤᠶᠢᠯᠠᠯ ᠪᠠ ᠨᠡᠶᠢᠭᠡᠮ ᠤᠨ ᠬᠥᠷᠥᠩᠭᠡ ᠶᠢ ᠳᠠᠳᠠᠨ ᠠᠪᠴᠢᠷᠠᠵᠤ᠂ | ᠨᠠᠩ ᠣᠯᠠᠨ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠪᠣᠳᠠᠲᠠᠶᠢᠵᠢᠭᠤᠯᠬᠤ ᠶᠢ | ᠠᠬᠢᠭᠤᠯᠤᠨ᠂ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠲᠠᠰ ᠳᠠᠪᠬᠤᠷᠭ᠎ᠠ ᠬᠢᠷᠢ | ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠠ᠃ | ᠠᠵᠤ ᠦᠢᠯᠡᠳᠪᠦᠷᠢ ᠶᠢᠨ ᠠᠵᠤ ᠦᠢᠯᠡᠰ ᠢ ᠬᠦᠴᠦᠷᠬᠡᠭᠵᠢᠭᠦᠯᠦᠨ᠎ᠡ᠃ ︽ᠬᠦᠷᠢᠶᠡᠯᠡᠩ ᠲᠣᠭᠤᠷᠢᠭ ᠪᠠ ᠠᠵᠤ | ᠦᠢᠯᠡᠰ ᠤᠨ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠢᠨᠵᠧᠨᠧᠷᠢᠩ︾ ᠢ ᠬᠦᠴᠦᠯᠡᠨ ᠬᠡᠷᠡᠭᠵᠢᠭᠦᠯᠵᠦ᠂ | ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠨ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠵᠦ᠂ ᠶᠡᠷᠦᠩᠬᠡᠢ | ᠬᠡᠮᠵᠢᠶ᠎ᠡ ᠶᠢ ᠶᠡᠬᠡᠰᠬᠡᠨ᠎ᠡ᠃ ᠪᠦᠸᠧ ᠶᠤᠸᠠᠨ ᠪᠠᠶᠢᠭᠠᠯᠢ ᠶᠢᠨ ᠬᠤᠵᠢᠷ᠂ ᠬᠤ᠋ ᠮᠧᠩ ᠰᠢᠨ᠎ᠡ ᠮᠠᠲ᠋ᠧᠷᠢᠶᠠᠯ᠂ ᠯᠢᠩ | ᠱᠧᠩ ᠰᠢᠨᠵᠢᠯᠡᠭᠡ ᠮᠡᠷᠭᠡᠵᠢᠯ᠂ ᠹᠦ᠋ ᠶᠤᠸᠠᠨ ᠳᠡᠭᠡᠳᠦ ᠲᠠᠰ ᠤᠨ ᠹᠯᠣᠷ ᠤᠨ ᠮᠠᠲ᠋ᠧᠷᠢᠶᠠᠯ᠂ ᠵᠥᠩ ᠱᠧᠩ ᠣᠨᠴᠠ | ᠲᠥᠷᠥᠯ ᠤᠨ ᠪᠣᠯᠣᠳ᠂ ᠪᠠᠯ ᠴᠢᠯᠠᠭᠤᠨ ᠠᠯᠺᠧᠨ ᠵᠡᠷᠭᠡ 60 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ | ᠵᠦᠢᠯ ᠢ ᠪᠦᠭᠦ ᠬᠦᠴᠦᠨ ᠢᠶᠠᠷ ᠰᠠᠶᠢᠲᠤᠷ ᠠᠳᠬᠤᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠤᠰᠤ | ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ | ᠶᠠᠰᠤ ᠴᠢᠨᠠᠷ᠂ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠳᠤ ᠶᠢᠨ ᠪᠠᠶᠢᠭ᠎ᠠ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ | ᠶᠡᠷᠦᠩᠬᠡᠢ ᠬᠡᠮᠵᠢᠶ᠎ᠡ᠂ ᠮᠦ ᠪᠦᠷᠢ ᠶᠢᠨ ᠳᠤᠮᠳᠠᠴᠢ ᠦᠷ᠎ᠡ ᠠᠰᠢᠭ᠂ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ︽ᠪᠦᠭᠦ ᠤᠯᠤᠰ ᠤᠨ ᠴᠢᠬᠤᠯᠠ ᠣᠳᠣᠬᠢᠴᠢᠯᠠᠭᠰᠠᠨ ᠬᠤᠵᠢᠷ ᠳᠠᠪᠤᠰᠤ ᠶᠢᠨ ᠬᠢᠮᠢ ᠶᠢᠨ ᠠᠵᠤ | ᠦᠢᠯᠡᠳᠪᠦᠷᠢ ᠶᠢᠨ ᠰᠠᠭᠤᠷᠢᠨ︾ ᠢ ᠬᠦᠴᠦᠯᠡᠨ ᠪᠠᠶᠢᠭᠤᠯᠵᠤ᠂ ᠬᠤᠵᠢᠷ ᠢ ᠡᠳ᠋ᠰᠢᠭᠦᠯᠬᠦ ᠥᠷᠲᠡᠭ ᠤᠨ ᠬᠡᠯᠬᠢᠶ᠎ᠡ ᠪᠠ | ᠠᠵᠤ ᠦᠢᠯᠡᠰᠵᠢᠯᠲᠡ ᠶᠢᠨ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠡᠭᠦᠷᠡᠰᠦ ᠮᠠᠯᠲᠠᠬᠤ ᠰᠢᠯᠢᠬᠦ ᠦᠢᠯᠡᠰ ᠤᠨ ᠬᠥᠭᠵᠢᠯᠲᠡ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠰᠢᠨ᠎ᠡ ᠨᠢᠭᠡᠨ | ᠡᠭᠡᠯᠵᠢ ᠶᠢᠨ ᠠᠭᠤᠷᠬᠠᠢ ᠡᠷᠢᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ | ᠭᠦᠨᠵᠡᠭᠡᠢ ᠥᠷᠨᠢᠭᠦᠯᠦᠨ᠎ᠡ᠃ | ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ︽ᠪᠦᠭᠦ ᠤᠯᠤᠰ ᠤᠨ ᠴᠢᠬᠤᠯᠠ ᠰᠢᠨ᠎ᠡ | ᠡᠨᠧᠷᠭᠢ ᠶᠢᠨ ᠲᠣᠮᠣ ᠰᠠᠭᠤᠷᠢᠨ︾ ᠢ ᠬᠦᠴᠦᠯᠡᠨ ᠪᠠᠶᠢᠭᠤᠯᠵᠤ᠂ ᠰᠢᠨ᠎ᠡ ᠡᠨᠧᠷᠭᠢ ᠶᠢᠨ ᠬᠡᠪᠴᠢᠶ᠎ᠡ ᠶᠡᠭᠡ ᠬᠠᠷᠢᠴᠠᠯ | ᠥᠨᠳᠥᠷ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠮᠠᠰᠢᠨ ᠴᠣᠭᠴᠠᠯᠠᠪᠤᠷᠢ ᠶᠢᠨ | ᠬᠡᠪᠴᠢᠶ᠎ᠡ ᠶᠢ ᠲᠦᠷᠭᠡᠳᠬᠡᠨ ᠥᠷᠭᠡᠳᠬᠡᠵᠦ᠂ ᠡᠨᠡ ᠵᠢᠯ ᠤᠨ ᠳᠣᠲᠣᠷ᠎ᠠ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ | 500 ᠲᠦᠮᠡᠨ ᠺᠢᠯᠣᠸᠠᠲ ᠠᠴᠠ ᠳᠡᠭᠡᠭᠰᠢ ᠨᠡᠮᠡᠭᠳᠡᠭᠦᠯᠬᠦ ᠶᠢ ᠠᠬᠢᠭᠤᠯᠤᠨ᠎ᠠ᠃ ᠵᠠᠰᠠᠭ ᠠᠵᠤ ᠠᠬᠤᠶᠢᠯᠠᠯ ᠤᠨ | ᠬᠠᠮᠵᠢᠯᠴᠠᠭ᠎ᠠ ᠶᠢ ᠴᠢᠩᠭᠠᠳᠬᠠᠨ᠂ ᠤᠯᠤᠰ ᠤᠨ ᠲᠠᠰ ᠤᠨ ᠪᠣᠬᠢᠷᠳᠤᠯ ᠦᠭᠡᠢ ᠮᠧᠲ᠋ᠢᠯ ᠠᠯᠺᠤᠣᠯ ᠦᠢᠯᠡᠳᠬᠦ ᠲᠣᠮᠣ | ᠰᠠᠭᠤᠷᠢᠨ ᠢ ᠬᠠᠮᠲᠤᠪᠠᠷ ᠰᠦᠪᠡᠭᠴᠢᠯᠡᠨ ᠪᠠᠶᠢᠭᠤᠯᠵᠤ᠂ ᠪᠣᠬᠢᠷᠳᠤᠯ ᠦᠭᠡᠢ ᠮᠧᠲ᠋ᠢᠯ ᠠᠯᠺᠤᠣᠯ ᠦᠢᠯᠡᠳᠬᠦ ᠨᠢᠭᠡᠳᠦᠭᠡᠷ | ᠬᠤᠭᠤᠴᠠᠭᠠᠨ ᠤ 50 ᠲᠦᠮᠡᠨ ᠲᠣᠨ ᠤ ᠲᠥᠷᠥᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ᠴᠡᠪᠡᠷ ᠡᠨᠧᠷᠭᠢ ᠪᠠᠷ ᠣᠷᠣᠯᠠᠭᠤᠯᠬᠤ ᠠᠯᠬᠤᠴᠠ ᠶᠢ ᠲᠦᠷᠭᠡᠳᠬᠡᠵᠦ᠂ ᠲᠡᠷᠢᠭᠦᠨ ᠤ ᠥᠨᠳᠥᠷ | ᠠᠴᠢᠶᠠᠯᠠᠪᠤᠷᠢ ᠶᠢᠨ ᠪᠣᠬᠢᠷᠳᠤᠯ ᠪᠠᠭ᠎ᠠ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠢ ᠴᠢᠷᠮᠠᠶᠢᠨ ᠪᠠᠶᠢᠭᠤᠯᠤᠨ᠎ᠠ᠃ | ᠥᠪᠥᠷ ᠮᠣᠩᠭᠤᠯ ᠨᠢᠩᠰᠢᠶᠠ ᠶᠢᠨ ᠡᠨᠧᠷᠭᠢ ᠶᠢᠨ ᠲᠤᠰᠬᠠᠢ ᠲᠥᠷᠥᠯ ᠤᠨ ᠬᠠᠮᠲᠤᠷᠠᠯᠴᠠᠭ᠎ᠠ ᠶᠢᠨ ᠪᠣᠷᠣ ᠲᠥᠯᠥᠪ ᠤᠨ | ᠵᠥᠪᠯᠡᠯᠴᠡᠭᠡᠷ ᠢ ᠭᠦᠨᠵᠡᠭᠡᠢ ᠨᠠᠶᠢᠳᠠᠪᠤᠷᠢᠵᠢᠭᠤᠯᠵᠤ᠂ ᠠᠬ᠎ᠠ ᠳᠡᠭᠦᠦ ᠠᠶᠢᠮᠠᠭ ᠬᠤᠲᠠ ᠯᠤᠭ᠎ᠠ ᠶᠢᠨ ᠴᠡᠪᠡᠷ | ᠡᠨᠧᠷᠭᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠢ ᠨᠠᠷᠢᠯᠢᠭᠵᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠵᠢᠭᠤᠯᠴᠢᠯᠠᠯ ᠤᠨ ︽ᠳᠥᠷᠪᠡᠨ ᠭᠠᠵᠠᠷ︾ ᠢ ᠪᠦᠲᠦᠭᠡᠨ ᠪᠠᠶᠢᠭᠤᠯᠬᠤ ᠵᠡᠷᠭᠡ ᠲᠥᠷᠥ ᠶᠢᠨ | ᠪᠣᠳᠣᠯᠭ᠎ᠠ ᠶᠢᠨ ᠠᠵᠠ ᠲᠣᠭᠢᠶᠠᠯ ᠢ ᠡᠵᠡᠮᠳᠡᠨ᠂ ᠦᠵᠡᠮᠵᠢ ᠶᠢᠨ ᠣᠷᠣᠨ ᠤ ᠲᠥᠬᠦᠭᠡᠷᠦᠮᠵᠢ ᠶᠢ ᠢᠵᠢ ᠪᠦᠷᠢᠳᠦᠭᠦᠯᠬᠦ | ᠪᠠ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠨᠳᠥᠷ A ᠲᠠᠰ ᠤᠨ ᠦᠵᠡᠮᠵᠢ ᠶᠢᠨ | ᠣᠷᠣᠨ ᠤ ᠵᠠᠰᠠᠮᠠᠯ ᠵᠠᠮ ᠤᠨ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠠᠵᠢᠯ | ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠠᠯᠠᠱᠠ ᠶᠢᠨ ᠡᠯᠡᠰᠦ ᠮᠠᠩᠬᠠᠨ ᠤ ᠵᠢᠭᠤᠯᠴᠢᠯᠠᠯ ᠠᠮᠠᠷᠠᠯᠲᠠ ᠶᠢᠨ ᠣᠷᠣᠨ ᠢ ᠲᠥᠯᠥᠪᠵᠢᠭᠦᠯᠦᠨ ᠪᠦᠲᠦᠭᠡᠨ | ᠪᠠᠶᠢᠭᠤᠯᠤᠨ᠎ᠠ᠃ ᠨᠠᠷᠠᠲᠤ ᠲᠥᠷᠥᠯ ᠲᠡᠮᠳᠡᠭ ᠢ ᠡᠭᠦᠳᠦᠨ ᠪᠠᠶᠢᠭᠤᠯᠬᠤ ᠶᠢ ᠰᠠᠶᠢᠲᠤᠷ ᠠᠳᠬᠤᠵᠤ᠂ ︽ᠬᠠᠨ ᠲᠡᠭᠷᠢ | ᠠᠯᠠᠱᠠ︾ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠰᠣᠶᠣᠯ ᠵᠤᠭᠠᠴᠠᠯ ᠤᠨ | ᠠᠭᠤᠰᠤᠯᠴᠠᠯ ᠢ ᠭᠦᠨᠵᠡᠭᠡᠶᠢᠷᠡᠭᠦᠯᠦᠨ᠂ ᠦᠵᠡᠮᠦᠷᠢ ᠶᠢᠨ ᠴᠢᠯᠠᠭᠤ᠂ ᠡᠷᠳᠡᠨᠢ ᠶᠢᠨ ᠴᠢᠯᠠᠭᠤ ᠬᠠᠰ ᠤᠨ ᠰᠣᠶᠣᠯ ᠤᠨ | ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠦᠷᠭᠡᠨ ᠳᠡᠭᠡᠭᠰᠢᠯᠡᠭᠦᠯᠵᠦ᠂ ᠪᠦᠭᠦ | ᠤᠯᠤᠰ ᠲᠤ ᠠᠯᠳᠠᠷᠲᠠᠢ ᠲᠥᠪᠯᠡᠷᠡᠭᠦᠯᠦᠨ ᠲᠠᠷᠬᠠᠭᠠᠬᠤ ᠠᠷᠠᠯᠵᠢᠶᠠᠨ ᠤ ᠭᠠᠵᠠᠷ ᠢ ᠴᠢᠷᠮᠠᠶᠢᠨ ᠪᠠᠶᠢᠭᠤᠯᠤᠨ᠎ᠠ᠃ ᠣᠷᠣᠨ | ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ | ᠥᠷᠭᠡᠳᠬᠡᠨ᠂ ᠪᠦᠭᠦ ᠣᠷᠣᠨ ᠪᠦᠰᠡ ᠶᠢᠨ ᠵᠢᠭᠤᠯᠴᠢᠯᠠᠯ᠂ ᠪᠦᠭᠦ ᠠᠵᠢᠯ ᠲᠥᠷᠥᠯ ᠢᠶᠠᠷ ᠢᠶᠠᠨ ᠬᠤᠯᠪᠤᠭᠠᠯᠠᠨ | ᠬᠥᠳᠡᠯᠦᠯᠴᠡᠬᠦ᠂ ᠪᠦᠭᠦ ᠠᠷᠠᠳ ᠢᠶᠠᠷ ᠢᠶᠠᠨ ᠣᠷᠤᠯᠴᠠᠬᠤ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃ | 2024 ᠣᠨ ᠳᠤ᠂ ᠵᠤᠭᠠᠴᠠᠭᠰᠠᠳ ᠤᠨ ᠲᠤᠭ᠎ᠠ ᠶᠢ 1000 ᠲᠦᠮᠡᠨ ᠬᠥᠮᠥᠨ ᠤᠳᠠᠭ᠎ᠠ ᠠᠴᠠ ᠳᠠᠪᠠᠭᠤᠯᠵᠤ᠂ | ᠵᠤᠭᠠᠴᠠᠭᠰᠠᠳ ᠤᠨ ᠣᠷᠣᠯᠭ᠎ᠠ ᠶᠢ 100 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ | ᠪᠣᠭᠤᠮᠲᠠ ᠶᠢᠨ ᠠᠵᠤ ᠠᠬᠤᠢ ᠶᠢ ᠰᠢᠯᠢᠳᠡᠭᠵᠢᠭᠦᠯᠦᠨ᠎ᠡ᠃ ︽ᠨᠡᠭᠡᠭᠡᠯᠲᠡ ᠬᠢᠵᠦ ᠬᠠᠮᠲᠤᠷᠠᠯᠴᠠᠬᠤ | ᠢᠨᠵᠧᠨᠧᠷᠢᠩ︾ ᠢ ᠬᠦᠴᠦᠯᠡᠨ ᠬᠡᠷᠡᠭᠵᠢᠭᠦᠯᠵᠦ᠂ ᠲᠡᠷᠢᠭᠦᠨ ᠤ ᠲᠣᠭᠠᠴᠢᠯᠠᠭᠰᠠᠨ᠂ ᠣᠶᠤᠨᠴᠢᠯᠠᠭᠰᠠᠨ᠂ | ᠣᠳᠣᠬᠢᠴᠢᠯᠠᠭᠰᠠᠨ ᠪᠣᠭᠤᠮᠲᠠ ᠶᠢ ᠪᠠᠶᠢᠭᠤᠯᠤᠨ᠂ ᠪᠦᠭᠦ ᠵᠢᠯ ᠳᠤ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ | 2000 ᠲᠦᠮᠡᠨ ᠲᠣᠨ ᠠᠴᠠ ᠳᠡᠭᠡᠭᠰᠢ ᠪᠣᠯᠭᠠᠨ᠎ᠠ᠃ ᠥᠯᠵᠡᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ ᠵᠢᠯ ᠤᠨ ᠳᠣᠲᠣᠷ᠎ᠠ ᠵᠢᠩᠬᠢᠨᠢ ᠪᠠᠷ ᠪᠣᠭᠤᠮᠲᠠ | ᠨᠡᠪᠲᠡᠷᠡᠬᠦ ᠨᠥᠬᠦᠴᠡᠯ ᠢ ᠪᠦᠷᠢᠯᠳᠦᠭᠦᠯᠬᠦ ᠪᠠᠷ ᠴᠢᠷᠮᠠᠶᠢᠨ᠎ᠠ᠃ ᠵᠠᠮ ᠨᠡᠪᠲᠡᠷᠡᠯᠭᠡ ᠪᠠ ᠪᠣᠭᠤᠮᠲᠠ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ︽ᠥᠪᠥᠷ ᠮᠣᠩᠭᠤᠯ ᠤᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ᠂ ᠰᠢᠨᠵᠢᠶᠠᠩ ᠤᠨ | ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ︾ ᠵᠠᠩᠭᠢᠯᠠᠭ᠎ᠠ ᠶᠢᠨ ᠬᠦᠢᠰᠦ ᠶᠢ ᠪᠦᠭᠦ ᠬᠦᠴᠦᠨ ᠢᠶᠠᠷ ᠴᠣᠭᠴᠠᠯᠠᠨ᠂ | ᠤᠯᠤᠰ ᠤᠨ ᠲᠠᠰ ᠤᠨ ᠨᠡᠭᠦᠷᠡᠰᠦᠨ ᠤ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠳᠠᠭᠠᠯᠠᠵᠤ ᠲᠣᠬᠢᠷᠠᠭᠤᠯᠬᠤ | ᠰᠠᠭᠤᠷᠢᠨ ᠢ ᠴᠢᠷᠮᠠᠶᠢᠨ ᠪᠠᠶᠢᠭᠤᠯᠤᠨ᠎ᠠ᠃ ᠪᠦᠭᠦ ᠠᠶᠢᠮᠠᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ | ᠲᠠᠪᠴᠠᠩ ᠢ ᠪᠠᠶᠢᠭᠤᠯᠬᠤ ᠶᠢ ᠠᠬᠢᠭᠤᠯᠵᠤ᠂ ︽ᠲᠤᠬᠠᠶᠢᠯᠠᠭᠰᠠᠨ ᠠᠵᠢᠯ ᠤᠨ ᠪᠤᠴᠠᠯᠲᠠ᠂ ᠲᠤᠭ᠎ᠠ ᠪᠠᠷᠢᠮᠲᠠ ᠶᠢᠨ | ᠪᠤᠴᠠᠯᠲᠠ᠂ ᠭᠠᠶᠢᠯᠢ ᠲᠠᠲᠠᠪᠤᠷᠢ ᠶᠢᠨ ᠪᠤᠴᠠᠯᠲᠠ︾ ᠶᠢ ᠠᠬᠢᠭᠤᠯᠤᠨ᠎ᠠ᠃ | | ᠭᠤᠷᠪᠠ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠰᠢᠰᠲ᠋ᠧᠮ ᠲᠠᠢ ᠠᠳᠬᠤᠵᠤ᠂ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠵᠤᠵᠠᠭᠠᠳᠬᠠᠨ᠎ᠠ | | | ︽ᠪᠡᠷᠬᠡ ᠰᠡᠳᠦᠪ ᠢ ᠰᠢᠢᠳᠪᠦᠷᠢᠯᠡᠬᠦ︾ ᠡᠷᠴᠢᠮ ᠢᠶᠠᠨ ᠴᠢᠩᠭᠠᠷᠠᠭᠤᠯᠤᠨ᠎ᠠ᠃ ︽ᠮᠠᠨ ᠤ ᠤᠯᠤᠰ ᠤᠨ | ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠭᠦ ᠰᠠᠭᠤᠷᠢᠨ︾ ᠢ ᠬᠦᠴᠦᠯᠡᠨ | ᠪᠠᠶᠢᠭᠤᠯᠵᠤ᠂ ︽ᠲᠤᠯᠤᠭᠠᠨ ᠶᠡᠭᠡ ᠳᠠᠶᠢᠯᠠᠯᠳᠤᠭᠠᠨ︾ ᠢ ᠬᠡᠷᠡᠭᠵᠢᠭᠦᠯᠬᠦ ᠪᠠᠷ ᠭᠠᠷᠳᠠᠴᠠ ᠪᠤᠯᠭᠠᠵᠤ᠂ ᠬᠠᠲᠤᠨ | ᠭᠤᠣᠯ ᠤᠨ ᠲᠣᠬᠤᠶᠢᠷᠠᠭᠰᠠᠨ ᠬᠡᠰᠡᠭ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠾᠧ ᠰᠢ ᠬᠤᠩᠭᠢᠯ - | ᠲᠠᠺᠯᠢᠮᠠᠺᠠᠨ ᠡᠯᠡᠰᠦᠨ ᠴᠥᠯ ᠤᠨ ᠵᠠᠬ᠎ᠠ ᠶᠢᠨ ᠬᠤᠷᠢᠭᠯᠠᠨ ᠴᠣᠬᠢᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ | ᠰᠠᠶᠢᠲᠤᠷ ᠬᠢᠵᠦ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ᠂ ᠲᠠᠯ᠎ᠠ ᠨᠤᠲᠤᠭ ᠤᠨ ᠠᠮᠢ | ᠠᠬᠤᠢ ᠶᠢᠨ ᠨᠥᠬᠦᠪᠦᠷᠢ ᠵᠡᠷᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠨ᠎ᠠ᠃ ᠪᠠᠷᠠᠭᠤᠨ ᠬᠡᠰᠡᠭ ᠤᠨ | ᠭᠠᠵᠠᠷ ᠣᠷᠣᠨ ᠤ ᠲᠠᠴᠢᠷ ᠴᠦᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠳᠦᠷᠦᠯ ᠵᠦᠢᠯ ᠢ | ᠭᠤᠣᠯᠳᠠᠯᠭ᠎ᠠ ᠲᠠᠢ ᠪᠠᠷ ᠰᠠᠶᠢᠲᠤᠷ ᠬᠡᠷᠡᠭᠵᠢᠭᠦᠯᠵᠦ᠂ ᠪᠦᠭᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠦᠯᠢᠭᠡᠷ ᠳᠠᠭᠤᠷᠢᠶᠠᠯ ᠤᠨ ᠢᠨᠵᠧᠨᠧᠷᠢᠩ ᠪᠤᠯᠭᠠᠬᠤ ᠪᠠᠷ ᠴᠢᠷᠮᠠᠶᠢᠨ᠎ᠠ᠃ | ︽ᠰᠡᠷᠭᠡᠶᠢᠯᠡᠨ ᠵᠠᠰᠠᠬᠤ︾ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠣᠬᠢᠷᠳᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠢᠭᠤᠷᠬᠠᠢ ᠰᠠᠶᠢᠲᠤᠷ ᠬᠢᠵᠦ᠂ ᠦᠬᠠᠢ ᠵᠢᠴᠢ ᠡᠷᠭᠢᠨ | ᠲᠣᠭᠤᠷᠢᠨ ᠤ ᠭᠠᠵᠠᠷ ᠣᠷᠣᠨ ᠢ ᠶᠡᠷᠦᠩᠬᠡᠶᠢᠯᠡᠨ ᠵᠠᠰᠠᠬᠤ ᠪᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠶᠢ ᠭᠦᠨᠵᠡᠭᠡᠶᠢᠷᠡᠭᠦᠯᠦᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠠᠭᠤᠷᠬᠠᠢ ᠶᠢᠨ ᠠᠮᠢ | ᠠᠬᠤᠢ ᠶᠢ ᠵᠠᠰᠠᠨ ᠰᠡᠷᠭᠦᠭᠡᠬᠦ ᠶᠢ ᠢᠳᠡᠪᠬᠢᠲᠡᠢ ᠠᠬᠢᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠰᠠᠨᠠᠯ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢᠨ ᠰᠡᠷᠡᠮᠵᠢ ᠶᠢᠨ ᠹᠢᠯᠢᠮ ᠤᠨ ᠲᠤᠰᠬᠠᠭᠰᠠᠨ ᠠᠰᠠᠭᠤᠳᠠᠯ ᠵᠢᠴᠢ ᠬᠢᠨᠠᠨ ᠪᠤᠳᠤᠬᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠳᠬᠤᠨ᠎ᠠ᠃ | ︽ᠤᠶᠠᠯᠳᠤᠭᠤᠯᠬᠤ︾ ᠠᠵᠢᠯ ᠢ ᠰᠠᠶᠢᠲᠤᠷ ᠬᠢᠨ᠎ᠡ᠃ ︽ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠠ ᠰᠢᠨ᠎ᠡ ᠡᠨᠧᠷᠭᠢ᠂ ᠨᠤᠲᠤᠭ ᠢᠶᠠᠨ ᠰᠠᠬᠢᠨ ᠬᠢᠯᠢ ᠬᠢᠵᠠᠭᠠᠷ ᠢᠶᠠᠨ ᠬᠠᠮᠠᠭᠠᠯᠠᠬᠤ ᠶᠢ ᠨᠢᠭᠡ | ᠴᠣᠭᠴᠠᠵᠢᠭᠤᠯᠬᠤ ᠢᠨᠵᠧᠨᠧᠷᠢᠩ︾ ᠢ ᠪᠦᠭᠦ ᠬᠦᠴᠦᠨ ᠢᠶᠠᠷ ᠬᠡᠷᠡᠭᠵᠢᠭᠦᠯᠵᠦ᠂ ᠡᠯᠡᠰᠦᠨ ᠤ ᠠᠵᠤ ᠦᠢᠯᠡᠰ᠂ | ᠡᠯᠡᠰᠦᠨ ᠤ ᠵᠢᠭᠤᠯᠴᠢᠯᠠᠯ ᠤᠨ ᠦᠢᠯᠡᠰ ᠵᠡᠷᠭᠡ ᠠᠮᠢ ᠠᠬᠤᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠠᠮᠢ | ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠬᠤ ᠶᠢᠨ ᠬᠠᠮᠲᠤ ᠮᠠᠯᠴᠢᠨ ᠲᠠᠷᠢᠶᠠᠴᠢᠨ ᠤ | ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ | ᠵᠦᠢᠯ ᠢ ᠬᠢᠯᠢ ᠳᠠᠭᠠᠤ ᠱᠤᠭᠤᠮ ᠳᠠᠭᠠᠤ ᠣᠷᠣᠨ ᠲᠡᠶᠢᠰᠢ ᠤᠷᠲᠤᠳᠬᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ | ᠂ ᠠᠮᠢ ᠠᠬᠤᠢ ᠪᠠᠷ ᠬᠢᠯᠢ ᠬᠢᠵᠠᠭᠠᠷ ᠢ ᠬᠠᠮᠠᠭᠠᠯᠠᠬᠤ᠂ ᠠᠵᠤ ᠦᠢᠯᠡᠰ ᠢᠶᠠᠷ ᠬᠢᠯᠢ ᠬᠢᠵᠠᠭᠠᠷ ᠢ ᠬᠥᠭᠵᠢᠭᠦᠯᠬᠦ᠂ | ᠠᠷᠠᠳ ᠢ ᠪᠠᠶᠠᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠶᠢ ᠪᠡᠶᠡᠯᠡᠭᠦᠯᠦᠨ᠎ᠡ᠃ ᠠᠮᠢ ᠠᠬᠤᠢ ᠶᠢ ᠬᠠᠮᠠᠭᠠᠯᠠᠬᠤ ᠪᠠ | ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ | ᠪᠣᠬᠢᠷᠳᠤᠯ ᠦᠭᠡᠢ ᠠᠭᠤᠷᠬᠠᠢ᠂ ᠪᠣᠬᠢᠷᠳᠤᠯ ᠦᠭᠡᠢ ᠦᠢᠯᠡᠳᠪᠦᠷᠢ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ | ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ | ᠬᠠᠮᠠᠭᠠᠯᠠᠯᠲᠠ ᠶᠢᠨ ᠠᠪᠴᠠᠯᠳᠤᠯ ᠢ ᠲᠦᠯᠬᠢᠨ ᠠᠬᠢᠭᠤᠯᠤᠨ᠎ᠠ᠃ | | ᠳᠥᠷᠪᠡ᠂ ᠬᠤᠲᠠ ᠬᠥᠳᠡᠭᠡ ᠶᠢᠨ ᠵᠣᠬᠢᠴᠠᠯᠳᠤᠨ ᠬᠥᠳᠡᠯᠦᠯᠴᠡᠬᠦ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠴᠢᠶᠠᠯᠠᠪᠤᠷᠢ ᠶᠢ ᠪᠠᠶᠢᠭᠤᠯᠤᠨ ᠬᠦᠴᠦᠷᠬᠡᠭᠵᠢᠭᠦᠯᠦᠨ᠎ᠡ | | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ︽ᠰᠠᠭᠤᠷᠢ | ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ︾ ᠢ ᠬᠦᠴᠦ ᠪᠠᠨ ᠲᠥᠪᠯᠡᠷᠡᠭᠦᠯᠦᠨ | ᠬᠡᠷᠡᠭᠵᠢᠭᠦᠯᠵᠦ᠂ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ ᠤᠨ ᠪᠠᠭᠤᠳᠠᠯ | ᠪᠣᠯᠭᠠᠨ ᠥᠭᠡᠷᠡᠴᠢᠯᠡᠬᠦ᠂ ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ ᠤᠨ ᠲᠡᠮᠦᠷ ᠵᠠᠮ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠤᠨ᠎ᠠ᠃ ︽ | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠢᠨᠵᠧᠨᠧᠷᠢᠩ︾ ᠢ ᠬᠡᠷᠡᠭᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠵᠢᠴᠢ ᠬᠢᠯᠢ ᠬᠢᠵᠠᠭᠠᠷ ᠤᠨ ᠤᠰᠤ ᠬᠠᠩᠭᠠᠬᠤ ᠶᠢ | ᠪᠠᠲᠤᠯᠠᠬᠤ᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯ ᠢ ᠠᠷᠢᠯᠭᠠᠨ ᠪᠠᠬᠢᠵᠢᠭᠦᠯᠬᠦ ᠵᠡᠷᠭᠡ ᠤᠰᠤᠨ | ᠠᠰᠢᠭᠯᠠᠯᠲᠠ ᠶᠢᠨ ᠲᠥᠷᠥᠯ ᠵᠦᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠡᠮᠦᠨᠡᠲᠦ ᠶᠢᠨ ᠤᠰᠤ ᠶᠢ | ᠤᠮᠠᠷᠠᠰᠢ ᠲᠠᠲᠠᠬᠤ ᠪᠦᠯᠦᠭᠯᠡᠯ᠂ ᠳᠤᠮᠳᠠᠳᠤ ᠤᠯᠤᠰ ᠤᠨ ᠤᠰᠤᠨ ᠤ ᠡᠷᠬᠡ ᠶᠢᠨ ᠠᠷᠠᠯᠵᠢᠶᠠᠨ ᠤ ᠭᠠᠵᠠᠷ ᠯᠤᠭ᠎ᠠ ᠶᠢᠨ | ᠬᠠᠮᠲᠤᠷᠠᠯᠴᠠᠭᠠᠨ ᠤ ᠰᠠᠨᠠᠮᠵᠢ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠬᠠᠷ᠎ᠠ ᠭᠤᠣᠯ᠂ | ᠰᠤᠪᠨᠠᠭᠤᠷ ᠤᠨ ᠡᠷᠭᠢ ᠵᠢᠴᠢ ᠤᠰᠤᠨ ᠣᠷᠣᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠠᠵᠤ | ᠦᠢᠯᠡᠰ ᠤᠨ ᠤᠰᠤ ᠠᠷᠪᠢᠯᠠᠨ ᠬᠤᠷᠣᠭᠳᠠᠯ ᠢ ᠪᠠᠭᠠᠰᠬᠠᠬᠤ᠂ᠬᠤᠲᠠ ᠪᠠᠯᠭᠠᠰᠤᠨ ᠤ ᠤᠰᠤ ᠠᠷᠪᠢᠯᠠᠨ ᠬᠤᠬᠢᠷᠠᠯ ᠢ | ᠪᠠᠭᠠᠰᠬᠠᠬᠤ ᠶᠢ ᠵᠡᠷᠭᠡ ᠳᠤᠨᠢ ᠠᠬᠢᠭᠤᠯᠤᠨ᠂ᠤᠰᠤᠨ ᠤ ᠶᠡᠷᠦᠩᠬᠡᠢ ᠬᠡᠮᠵᠢᠶ᠎ᠡ ᠶᠢ ᠴᠢᠷᠮᠠᠶᠢᠨ ᠨᠡᠮᠡᠭᠳᠡᠭᠦᠯᠵᠦ᠂ ᠤᠰᠤᠨ ᠤ | ᠲᠤᠯᠭᠠᠭᠤᠷᠢᠯᠠᠯ ᠢ ᠴᠢᠩᠭᠠᠳᠬᠠᠨ᠎ᠠ᠃ | ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ᠬᠤᠲᠠ ᠪᠠᠯᠭᠠᠰᠤᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠢᠭᠡ | ᠪᠦᠯᠦᠭ ᠬᠤᠲᠠ ᠪᠠᠯᠭᠠᠰᠤᠨ ᠤ ᠮᠤᠬᠤᠷ ᠵᠠᠮ᠂ ᠲᠦᠭᠵᠢᠷᠡᠯ ᠲᠠᠢ ᠵᠠᠮ᠂ ᠤᠰᠤ ᠬᠤᠷᠠᠬᠤ ᠵᠠᠮ ᠢ ᠦᠷᠭᠦᠯᠵᠢᠯᠡᠨ | ᠨᠡᠪᠲᠡᠷᠡᠭᠦᠯᠬᠦ ᠪᠠ ᠵᠠᠰᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠤᠨ᠂ ᠬᠢᠯᠢ ᠬᠢᠵᠠᠭᠠᠷ ᠣᠷᠣᠨ ᠤ ᠤᠰᠤ ᠴᠠᠭᠢᠯᠭᠠᠨ ᠵᠠᠮ ᠨᠡᠪᠲᠡᠷᠡᠯᠭᠡ ᠴᠢᠮᠡᠭᠡ ᠬᠤᠯᠪᠤᠭ᠎ᠠ ᠪᠦᠭᠦᠨ ᠢ | ᠪᠦᠷᠬᠦᠭᠦᠯᠬᠦ ᠶᠢ ᠪᠡᠶᠡᠯᠡᠭᠦᠯᠵᠦ᠂ ᠣᠷᠣᠰᠢᠨ ᠰᠠᠭᠤᠬᠤ ᠳᠤ ᠲᠠᠭᠠᠯᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃ | ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠡᠯ᠎ᠡ ᠬᠤᠰᠢᠭᠤ ᠣᠷᠣᠨ ᠤ ᠳᠠᠯᠳᠠ ᠬᠦᠴᠦᠨ ᠢᠶᠠᠨ ᠭᠦᠨ ᠠᠭᠤᠳᠠᠯᠵᠤ᠂ ᠬᠥᠭᠵᠢᠯᠲᠡ ᠶᠢᠨ ᠬᠢᠵᠠᠭᠠᠷᠯᠠᠯ ᠢ | ᠰᠢᠢᠳᠪᠦᠷᠢᠯᠡᠨ᠂ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠣᠨᠴᠠᠯᠢᠭ ᠲᠠᠢ ᠭᠤᠣᠯᠯᠠᠬᠤ ᠠᠵᠤ ᠦᠢᠯᠡᠰ ᠢ | ᠲᠦᠷᠭᠡᠨ ᠢᠶᠠᠷ ᠪᠣᠶᠢᠵᠢᠭᠤᠯᠤᠨ ᠪᠤᠵᠠᠭᠠᠶᠢᠷᠠᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠲᠠᠰᠤᠷᠠᠯᠲᠠ | ᠦᠭᠡᠢ ᠨᠡᠮᠡᠭᠳᠡᠭᠦᠯᠦᠨ᠎ᠡ᠃ ᠡᠯ᠎ᠡ ᠬᠤᠰᠢᠭᠤ ᠣᠷᠣᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ | ᠵᠣᠷᠢᠭᠵᠢᠭᠤᠯᠤᠨ ᠳᠡᠮᠵᠢᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ︽ᠨᠢᠰᠦᠭᠡ ᠭᠠᠵᠠᠷ ᠤᠨ ᠠᠵᠤ ᠠᠬᠤᠢ︾ | ᠶᠢ ᠶᠡᠬᠡᠪᠡᠷ ᠬᠥᠭᠵᠢᠭᠦᠯᠵᠦ᠂ ︽ᠨᠢᠰᠦᠭᠡ ᠭᠠᠵᠠᠷ ᠤᠨ ᠬᠦᠷᠢᠶᠡᠯᠡᠩ ᠲᠣᠭᠤᠷᠢᠭ︾ ᠢ ᠬᠠᠮᠲᠤᠪᠠᠷ ᠪᠦᠲᠦᠭᠡᠨ | ᠪᠠᠶᠢᠭᠤᠯᠤᠨ᠎ᠠ᠃ | | ᠲᠠᠪᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠶᠢ ᠡᠭᠦᠳᠬᠦ ᠶᠢ ᠪᠦᠭᠦ ᠲᠠᠯ᠎ᠠ ᠪᠠᠷ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ | | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ︽ᠴᠢᠳᠠᠪᠤᠷᠢᠲᠠᠨ ᠤ ᠰᠢᠨᠵᠢᠯᠡᠭᠡ | ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ︾ ᠢ ᠬᠡᠷᠡᠭᠵᠢᠭᠦᠯᠵᠦ᠂ ᠨᠢᠭᠡ ᠪᠦᠯᠦᠭ ᠲᠠᠪᠴᠠᠩ ᠤᠨ | ᠠᠴᠢᠶᠠᠯᠠᠪᠤᠷᠢ ᠶᠢ ᠲᠦᠷᠭᠡᠳᠬᠡᠨ ᠪᠠᠶᠢᠭᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ | ᠪᠡᠶᠡᠯᠡᠭᠦᠯᠵᠦ᠂ ᠨᠢᠭᠡ ᠪᠦᠯᠦᠭ ᠰᠢᠨᠵᠢᠯᠡᠭᠡ ᠤᠨ ᠦᠷ᠎ᠡ ᠪᠦᠲᠦᠭᠡᠯ ᠢ ᠬᠤᠪᠢᠷᠠᠭᠤᠯᠤᠨ ᠪᠣᠳᠠᠲᠠᠶᠢᠵᠢᠭᠤᠯᠤᠨ᠎ᠠ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠠᠳᠬᠤᠨ᠎ᠠ᠃ ᠬᠦᠴᠢᠷ ᠪᠣᠭᠤᠮᠢ | ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ | ᠵᠦᠢᠯᠡᠰ ᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠨᠢᠭᠡ ᠪᠦᠯᠦᠭ ᠪᠦᠲᠦᠮᠵᠢᠲᠡᠶ ᠥᠭᠡᠷᠡᠴᠢᠯᠡᠯᠲᠡ ᠶᠢᠨ ᠦᠷ᠎ᠡ | ᠪᠦᠲᠦᠭᠡᠯ ᠭᠠᠷᠭᠠᠬᠤ ᠶᠢ ᠲᠦᠯᠬᠢᠨ ᠠᠬᠢᠭᠤᠯᠤᠨ᠎ᠠ᠃ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ | ᠪᠦᠷᠢᠨᠰᠢᠭᠦᠯᠦᠨ ᠲᠡᠭᠦᠯᠳᠡᠷᠵᠢᠭᠦᠯᠵᠦ᠂ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠲᠤᠰᠬᠠᠢ | ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ ᠲᠥᠷᠥᠯ ᠤᠨ ᠬᠦᠴᠦᠨ ᠵᠦᠢᠯ ᠪᠠ ᠡᠬᠢ ᠪᠠᠶᠠᠯᠢᠭ ᠪᠡᠯᠡ | ᠮᠥᠩᠭᠦ ᠶᠢᠨ ᠬᠠᠮᠤᠭ ᠤᠨ ᠶᠡᠭᠡ ᠦᠢᠯᠡᠳᠦᠯ ᠢ ᠪᠠᠳᠠᠷᠠᠭᠤᠯᠤᠨ᠎ᠠ᠃ | ᠡᠵᠡᠩᠨᠡᠯᠲᠡ ᠶᠢᠨ ᠣᠷᠴᠢᠨ ᠨᠥᠬᠦᠴᠡᠯ ᠢ ᠨᠠᠩ ᠰᠢᠯᠢᠳᠡᠭᠵᠢᠭᠦᠯᠦᠨ᠎ᠡ᠃ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶ᠎ᠠ ᠨᠢ ᠨᠢᠭᠡᠳᠦᠯᠲᠡᠢ᠂ ᠪᠠᠶᠢᠷᠢᠰᠢᠯ ᠨᠢ ᠵᠣᠬᠢᠰᠲᠠᠢ᠂ | ᠬᠠᠮᠢᠶᠠᠷᠤᠯᠲᠠ ᠨᠢ ᠬᠠᠮᠵᠢᠯᠴᠠᠭᠰᠠᠨ᠂ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠨᠢᠭᠡ ᠴᠣᠭᠴᠠᠵᠢᠭᠰᠠᠨ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢᠨ ᠲᠠᠪᠴᠠᠩ ᠢ ᠲᠦᠷᠭᠡᠳᠬᠡᠨ ᠪᠠᠶᠢᠭᠤᠯᠤᠨ᠎ᠠ᠃ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠪᠠ ᠨᠡᠶᠢᠯᠡᠮᠡᠯ | ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ | ᠭᠦᠢᠴᠡᠳᠬᠡᠵᠦ ᠳᠡᠶᠢᠯᠭᠦ︾ ᠪᠠᠶᠢᠭᠰᠠᠨ ᠠᠴᠠ ︽ᠰᠢᠢᠳᠪᠦᠷᠢᠯᠡᠬᠦ ᠳᠤ ᠠᠮᠠᠷ᠂ ᠰᠢᠢᠳᠪᠦᠷᠢᠯᠡᠬᠦ ᠳᠤ ᠭᠢᠯᠪᠠᠷ︾ ᠲᠡᠶᠢᠰᠢ | ᠬᠤᠪᠢᠷᠠᠭᠤᠯᠬᠤ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ | ᠠᠬᠢᠭᠤᠯᠤᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠮᠠᠯᠠᠭᠰᠠᠨ ᠵᠦᠢᠯ ᠢᠶᠠᠨ ᠵᠠᠪᠠᠯ | ᠭᠦᠢᠴᠡᠳᠬᠡᠵᠦ᠂ ᠬᠢᠭᠰᠡᠨ ᠵᠦᠢᠯ ᠢᠶᠠᠨ ᠵᠠᠪᠠᠯ ᠪᠡᠶᠡᠯᠡᠭᠦᠯᠦᠨ᠎ᠡ᠃ | | ᠵᠢᠷᠭᠤᠭ᠎ᠠ᠂ ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠢ ᠬᠡᠷᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ | | ︽ᠳᠤᠯᠠᠭᠠᠯᠠᠭ᠎ᠠ︾ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ︽ᠳᠤᠯᠠᠭᠠᠯᠠᠭ᠎ᠠ︾ ᠶᠢᠨ ᠢᠨᠵᠧᠨᠧᠷᠢᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠪᠦᠭᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠦᠨ᠂ ᠨᠥᠬᠦᠴᠡᠯ ᠲᠠᠢ ᠰᠤᠮᠤ | ᠪᠠᠯᠭᠠᠰᠤ ᠶᠢᠨ ᠪᠠᠶᠢᠭ᠎ᠠ ᠭᠠᠵᠠᠷ ᠲᠤ ᠲᠥᠪᠯᠡᠷᠡᠭᠦᠯᠦᠨ ᠢᠯᠴᠢ ᠬᠠᠩᠭᠠᠬᠤ ᠲᠥᠬᠦᠭᠡᠷᠦᠮᠵᠢ ᠪᠠᠶᠢᠭᠤᠯᠬᠤ ᠶᠢ ᠳᠡᠮᠵᠢᠵᠤ᠂ | ᠬᠤᠲᠠ ᠬᠥᠳᠡᠭᠡ ᠶᠢᠨ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠨ᠎ᠠ᠃ | ᠤᠯᠠᠨ ᠲᠦᠮᠡᠨ ᠤ ᠠᠵᠢᠯ ᠣᠯᠵᠤ ᠤᠷᠤᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ 2024 ᠣᠨ ᠳᠤ | ᠬᠤᠲᠠ ᠪᠠᠯᠭᠠᠰᠤᠨ ᠤ 3000 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠨ᠂ 3500 ᠠᠴᠠ | ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 1200 ᠠᠴᠠ ᠳᠡᠭᠡᠭᠰᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠰᠤᠷᠤᠬᠴᠢᠳ ᠲᠤ ᠠᠵᠢᠯ ᠣᠯᠭᠤᠨ᠎ᠠ᠃ ᠥᠪᠡᠷᠮᠢᠴᠡ ᠣᠨᠴᠠᠯᠢᠭ ᠲᠠᠢ ᠠᠷᠠᠳ ᠢ | ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ᠂ ᠬᠤᠲᠠ ᠪᠠᠯᠭᠠᠰᠤ ᠶᠢᠨ ᠠᠵᠤ ᠠᠬᠤᠢ ᠶᠢ ᠴᠡᠴᠡᠭᠯᠡᠭᠦᠯᠦᠨ | ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠂ ᠬᠤᠲᠠ | ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ | ᠤᠯᠠᠨ ᠨᠡᠶᠢᠲᠡ ᠶᠢᠨ ᠦᠢᠯᠡᠴᠢᠯᠡᠭᠡ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠣᠷᠣᠬᠴᠢ ᠶᠢᠨ ᠨᠡᠶᠢᠲᠡ ᠶᠢᠨ ᠪᠠᠶᠢᠷᠢ᠂ ᠠᠶᠢᠮᠠᠭ ᠤᠨ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ | ᠨᠡᠷ᠎ᠡ ᠲᠡᠮᠳᠡᠭ ᠢ ᠬᠦᠴᠦᠯᠡᠨ ᠪᠠᠶᠢᠭᠤᠯᠤᠨ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠠᠭᠤᠷᠢ ᠶᠢ ᠪᠠᠬᠢᠵᠢᠭᠦᠯᠦᠨ᠎ᠡ᠃ ᠨᠠᠰᠤᠲᠠᠶᠢᠴᠤᠳ ᠤᠨ ᠦᠢᠯᠡᠰ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ | ᠡᠮᠡᠭᠲᠡᠶᠢᠴᠦᠳ ᠬᠡᠦᠬᠡᠳ᠂ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ | ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠰᠠᠶᠢᠲᠤᠷ ᠪᠠᠲᠤᠯᠠᠨ᠎ᠠ᠃ | | ᠲᠤᠯᠤᠭ᠎ᠠ᠂ ᠬᠦᠴᠦᠨ ᠢᠶᠠᠨ ᠲᠥᠪᠯᠡᠷᠡᠭᠦᠯᠦᠨ ᠡᠶ᠎ᠡ ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠶᠢ | ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ | | ︽ᠵᠢᠱᠢᠶ᠎ᠡ ᠦᠵᠡᠭᠦᠯᠭᠦ ᠠᠶᠢᠮᠠᠭ︾ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ | ᠪᠣᠯᠣᠨ ᠮᠠᠨ ᠤ ᠠᠶᠢᠮᠠᠭ ᠤᠨ ︽ᠬᠡᠷᠡᠭᠵᠢᠭᠦᠯᠬᠦ ᠲᠥᠰᠥᠯ︾ ᠢ ᠬᠢᠨᠠᠮᠠᠭᠠᠢ ᠲᠤᠭᠤᠰᠢᠯᠠᠭᠤᠯᠵᠤ᠂ ᠠᠶᠢᠮᠠᠭ ᠤᠨ | ᠨᠠᠮ ᠤᠨ ᠬᠤᠷᠢᠶ᠎ᠠ ᠶᠢᠨ ︽ᠲᠠᠪᠤᠨ ᠨᠢᠭᠡ︾ ᠶᠢᠨ ᠠᠵᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠵᠢᠱᠢᠶ᠎ᠡ ᠦᠵᠡᠭᠦᠯᠭᠦ ᠠᠶᠢᠮᠠᠭ ᠢ ᠬᠦᠴᠦ ᠪᠠᠨ ᠬᠠᠮᠲᠤᠳᠬᠠᠨ ᠪᠠᠶᠢᠭᠤᠯᠤᠨ᠎ᠠ᠃ | ︽ᠠᠮᠤᠷ ᠲᠦᠪᠰᠢᠨ ᠤ ᠨᠡᠭᠡᠯᠡᠭᠡᠢ︾ ᠶᠢ ᠴᠠᠭ ᠢᠮᠠᠭᠲᠠ ᠴᠢᠩᠭ᠎ᠠ ᠡᠵᠡᠮᠳᠡᠨ᠎ᠡ᠃ ᠬᠥᠭᠵᠢᠯᠲᠡ ᠪᠣᠯᠣᠨ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠴᠢᠩᠭ᠎ᠠ | ᠠᠳᠬᠤᠨ᠂ ᠵᠢᠯᠤᠭᠤᠳᠬᠤ ᠰᠢᠰᠲ᠋ᠧᠮ᠂ ᠬᠠᠷᠢᠭᠤᠴᠠᠯᠭ᠎ᠠ ᠶᠢᠨ ᠰᠢᠰᠲ᠋ᠧᠮ᠂ ᠡᠩᠨᠡᠭᠡᠨ ᠤ ᠰᠢᠰᠲ᠋ᠧᠮ᠂ ᠳᠦᠷᠢᠮ ᠤᠨ | ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠦᠭᠦ | ᠲᠠᠯ᠎ᠠ ᠪᠠᠷ ᠪᠠᠬᠢᠵᠢᠭᠦᠯᠦᠨ᠂ ᠠᠮᠤᠷ ᠲᠦᠪᠰᠢᠨ ᠤ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ | ᠴᠠᠭ ᠲᠤᠬᠠᠢ ᠳᠤᠨᠢ ᠥᠨᠳᠥᠷ ᠴᠢᠨᠠᠷ ᠴᠢᠨᠰᠠᠭ᠎ᠠ ᠲᠠᠢ ᠪᠠᠷ ᠴᠡᠭᠴᠡᠯᠡᠨ ᠪᠡᠶᠡᠯᠡᠭᠦᠯᠦᠨ᠎ᠡ᠃ ᠦᠵᠡᠯ ᠤᠬᠠᠮᠰᠠᠷ ᠤᠨ | ᠠᠵᠢᠯ ᠤᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ | ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠦᠨᠳᠦᠰᠦᠨ ᠱᠠᠲᠤᠨ ᠤ ᠵᠠᠰᠠᠯᠲᠠ᠂ ᠵᠠᠬᠢᠳᠠᠯ ᠰᠣᠷᠪᠤᠯᠵᠢᠯᠠᠭ᠎ᠠ ᠪᠠᠷ | ᠲᠣᠭᠲᠠᠭᠤᠨ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠦᠨ᠎ᠡ᠃ | | ᠨᠠᠢᠮᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ | ᠴᠢᠨᠠᠷ ᠰᠠᠶᠢᠲᠠᠢ ᠬᠥᠭᠵᠢᠯᠲᠡ ᠶᠢᠨ ᠠᠬᠢᠭᠤᠯᠬᠤ ᠬᠦᠴᠦᠨ ᠢ ᠴᠢᠩᠭᠠᠳᠬᠠᠨ᠎ᠠ | | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠨᠠᠶᠢᠳᠠᠪᠤᠷᠢᠵᠢᠭᠤᠯᠤᠯᠲᠠ ᠶᠢ ᠠᠳᠬᠤᠨ ᠦᠢᠯᠡᠴᠢᠯᠡᠭᠡ ᠶᠢ ᠴᠢᠩᠭᠠᠳᠬᠠᠨ᠎ᠠ᠃ ᠬᠡᠷᠡᠭᠵᠢᠭᠦᠯᠦᠯᠲᠡ ᠶᠢ | ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠨ᠂ ᠰᠢᠯᠭᠠᠯᠲᠠ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ | ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠪᠣᠳᠠᠲᠠᠶᠢᠵᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠵᠤ ᠲᠥᠪ ᠭᠤᠣᠯᠴᠢ ᠪᠠᠶᠢᠬᠤ ᠶᠢ ᠠᠬᠢᠭᠤᠯᠤᠨ᠎ᠠ᠃ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠥᠷᠨᠢᠭᠦᠯᠦᠨ᠂ ᠬᠢᠨᠠᠨ ᠪᠤᠳᠤᠬᠤ᠂ | ᠪᠦᠷᠢᠳᠬᠡᠵᠦ ᠬᠢᠨᠠᠯᠲᠠ ᠲᠠᠯᠪᠢᠬᠤ ᠶᠢ ᠴᠢᠩᠭᠠᠳᠬᠠᠨ᠂ ᠬᠢᠨᠠᠯᠲᠠ ᠲᠠᠯᠪᠢᠬᠤ ᠳᠤᠮᠳᠠ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠡᠭᠡᠨ ᠴᠢᠳᠠᠮᠠᠭᠠᠢ ᠪᠠᠶᠢᠵᠤ᠂ ᠡᠷᠬᠡ ᠶᠢᠨ ᠠᠵᠢᠯᠯᠠᠭᠠᠨ ᠢ ᠢᠯᠡ ᠪᠠᠷ ᠶᠠᠪᠤᠭᠳᠠᠭᠤᠯᠤᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠠᠳᠬᠤᠨ᠎ᠠ᠃ ᠠᠷᠢᠭᠤᠨ ᠴᠢᠬᠡᠴᠢ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ | ᠴᠡᠪᠡᠷ ᠲᠤᠩᠭᠠᠯᠠᠭ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠠᠶᠢᠭᠤᠯᠤᠨ᠎ᠠ᠃ | |