ᠠᠷᠠᠳ ᠤᠨ ᠲᠥᠯᠥᠭᠡ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠎ ᠢᠶᠠᠨ ᠲᠥᠪᠯᠡᠷᠡᠭᠦᠯᠦᠨ ᠭᠤᠣᠯ ᠰᠡᠳᠦᠪᠲᠦ ᠬᠥᠮᠦᠵᠢᠯ ᠢ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/3/11
            ︵ᠯᠢᠦ ᠬᠤᠩ ᠵᠠᠩ︶ ︽ᠲᠠᠨ ᠤ ᠲᠤᠰᠬᠠᠭᠰᠠᠨ ᠤᠤᠭᠤᠬᠤ ᠤᠰᠤᠨ ᠤ ᠠᠰᠠᠭᠤᠳᠠᠯ ᠢ ᠨᠢᠭᠡᠨᠲᠡ ᠰᠢᠢᠳᠪᠦᠷᠢᠯᠡᠪᠡ᠂ ᠣᠲᠣ ᠲᠠᠨ ᠤ ᠲᠦᠭᠡᠭᠡᠯ ᠤᠰᠤᠨ ᠤ ᠬᠡᠷᠡᠭᠯᠡᠯᠲᠡ ᠪᠠ ᠤᠰᠤᠨ ᠤ ᠴᠢᠨᠠᠷ ᠤᠨ ᠪᠠᠶᠢᠳᠠᠯ ᠶᠠᠮᠠᠷ ᠪᠠᠶᠢᠨ᠎ᠠ︖︾ ᠡᠨᠡ ᠬᠡᠳᠦᠨ ᠡᠳᠦᠷ᠂ ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤᠨ ᠤ ︽ᠡᠮᠦᠨ᠎ᠡ ᠹᠷᠣᠨᠲ ᠤᠨ ᠠᠵᠢᠯᠯᠠᠬᠤ ᠳᠤᠭᠤᠶᠢᠯᠠᠩ︾᠎ ᠤᠨ ᠬᠢᠨ ︽ᠠᠷᠠᠳ ᠤᠨ ᠪᠠᠶᠢᠳᠠᠯ ᠤᠨ ᠲᠡᠮᠳᠡᠭᠯᠡᠯ ᠤᠨ ᠳᠡᠪᠲᠡᠷ︾᠎ ᠢᠶᠠᠨ ᠠᠪᠴᠤ᠂ ᠳᠠᠬᠢᠨᠲᠠ ᠠᠶᠢᠯ ᠡᠷᠦᠭᠡ ᠪᠠᠷ ᠣᠷᠣᠵᠤ ᠠᠷᠠᠳ ᠤᠨ ᠰᠠᠨᠠᠭ᠎ᠠ ᠶᠢ ᠣᠶᠢᠯᠠᠭᠠᠪᠠ᠃ ︽ᠥᠩᠭᠡᠷᠡᠭᠰᠡᠨ ᠳᠤ ᠬᠡᠳᠦᠶᠢᠪᠡᠷ ᠲᠦᠭᠡᠭᠡᠯ ᠤᠰᠤ ᠨᠡᠪᠲᠡᠷᠡᠵᠦ ᠪᠠᠶᠢᠭᠰᠠᠨ ᠪᠤᠯᠪᠠᠴᠤ ᠤᠰᠤ ᠢᠯᠡᠭᠦᠦ ᠬᠡᠷᠡᠭᠯᠡᠪᠡᠯ ᠤᠰᠤᠨ ᠤ ᠳᠠᠷᠤᠯᠲᠠ ᠎ ᠨᠢ ᠪᠠᠭᠠᠰᠴᠤ᠂ ᠪᠠᠰᠠ ᠤᠰᠤᠨ ᠤ ᠠᠮᠲᠠ ᠨᠢ ᠭᠠᠰᠢᠭᠤᠨ ᠪᠤᠯᠳᠠᠭ ᠪᠣᠯᠬᠤᠷ ᠣᠯᠠᠨ ᠢᠶᠠᠷ ᠢᠶᠠᠨ ᠤᠤᠭᠤᠬᠤ ᠤᠰᠤᠨ ᠤ ᠠᠷᠢᠭᠤᠨ ᠴᠡᠪᠡᠷ ᠤᠨ ᠲᠥᠯᠥᠭᠡ ᠰᠠᠨᠠᠭᠠᠰᠢᠷᠠᠳᠠᠭ ᠪᠠᠶᠢᠯ᠎ᠠ᠃ ᠤᠳᠤ ᠰᠠᠶᠢᠨ ᠪᠣᠯᠵᠠᠢ᠂ ᠤᠤᠭᠤᠬᠤ ᠤᠰᠤᠨ ᠤ ᠢᠨᠵᠧᠨᠧᠷᠢᠩ ᠨᠢ ︿ᠴᠡᠪᠡᠷ ᠪᠥᠭᠡᠳ ᠠᠮᠲᠠᠯᠢᠭ ᠤᠰᠤ﹀ ᠬᠠᠩᠭᠠᠬᠤ ᠪᠣᠯᠪᠠ᠂ ᠥᠩᠭᠡᠷᠡᠭᠰᠡᠨ ᠳᠤ ᠣᠷᠣᠰᠢᠵᠤ ᠪᠠᠶᠢᠭᠰᠠᠨ ᠠᠰᠠᠭᠤᠳᠠᠯ ᠪᠦᠷ ᠠᠷᠢᠯᠵᠠᠢ᠂ ᠨᠠᠮ ᠪᠣᠯᠣᠨ ᠵᠠᠰᠠᠭ ᠤᠨ ᠣᠷᠳᠣᠨ ᠨᠡᠬᠡᠷᠡᠨ ᠮᠠᠨ ᠤ ᠠᠷᠠᠳ ᠲᠦᠮᠡᠨ ᠳᠤ ᠰᠠᠶᠢᠨ ᠶᠠᠪᠤᠳᠠᠯ ᠪᠣᠳᠠᠲᠤ ᠶᠠᠪᠤᠳᠠᠯ ᠬᠢᠵᠦ ᠥᠭᠴᠡᠢ︾ ᠭᠡᠵᠦ ᠲᠤᠰ ᠰᠤᠮᠤᠨ ᠤ ᠮᠠᠯᠴᠢᠨ ᠬᠤ᠋ ᠹᠧᠩ ᠰᠢᠶᠠ ᠪᠠᠶᠠᠷᠯᠠᠨ ᠬᠡᠯᠡᠨ᠎ᠡ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠮᠠᠨᠳᠤᠯ ᠰᠤᠮᠤ ᠮᠠᠯᠴᠢᠨ ᠲᠠᠷᠢᠶᠠᠴᠢᠨ ᠤᠯᠠᠨ ᠲᠦᠮᠡᠨ ᠤ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ︽ᠨᠡᠩ ᠤᠯᠠᠨ︾ ᠪᠤᠯᠭᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠂ ︽135︾ ᠠᠵᠢᠯ ᠤᠨ ᠠᠷᠭ᠎ᠠ ᠶᠢ ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠨᠠᠮ ᠤᠨ ᠲᠦᠷᠦ ᠶᠢᠨ ᠪᠣᠳᠣᠯᠭ᠎ᠠ ᠶᠢᠨ ︽ᠨᠢᠭᠡ ᠰᠢᠷᠬᠡᠭ ᠤᠯᠠᠭᠠᠨ ᠤᠲᠠᠰᠤ︾᠎ ᠶᠢ ᠬᠥᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠦᠨᠳᠦᠰᠦᠨ ᠱᠠᠲᠤᠨ ᠤ ︽ᠵᠡᠭᠦᠦ ᠎ ᠶᠢᠨ ᠰᠦᠪᠡ︾᠎ ᠪᠠᠷ ᠯᠠᠪᠳᠠᠭᠤᠨ ᠬᠢᠨᠠᠮᠠᠭᠠᠢ ᠰᠦᠪᠡᠯᠡᠵᠦ᠂ ︽ᠬᠡᠷᠡᠭᠴᠡᠭᠡ ᠶᠢ ᠠᠷᠠᠳ ᠠᠴᠠ ᠣᠶᠢᠯᠠᠭᠠᠬᠤ᠂ ᠠᠷᠭ᠎ᠠ ᠪᠣᠳᠣᠯᠭ᠎ᠠ ᠶᠢ ᠠᠷᠠᠳ ᠠᠴᠠ ᠣᠶᠢᠯᠠᠭᠠᠬᠤ᠂ ᠦᠷ᠎ᠡ ᠪᠦᠲᠦᠮᠵᠢ ᠶᠢ ᠠᠷᠠᠳ ᠠᠴᠠ ᠣᠶᠢᠯᠭᠠᠬᠤ︾ ᠭᠡᠯᠪᠡᠷᠢ ᠪᠠᠷ ᠠᠶᠢᠯ ᠡᠷᠦᠭᠡ ᠳᠤ ᠣᠷᠣᠵᠤ ᠰᠤᠷᠪᠤᠯᠵᠢᠯᠠᠬᠤ ᠶᠢ ᠢᠮᠠᠭᠲᠠ ᠲᠤᠭᠤᠰᠢᠯᠠᠭᠤᠯᠤᠨ᠂ ᠨᠠᠮ ᠤᠨ ᠡᠭᠦᠷ ᠰᠠᠶᠢᠨ᠂ ᠠᠵᠤ ᠦᠢᠯᠡᠰ ᠰᠠᠶᠢᠨ᠂ ᠨᠤᠲᠤᠭ ᠤᠨ ᠰᠤᠷᠲᠠᠯ ᠰᠠᠶᠢᠨ᠂ ᠲᠣᠰᠬᠤᠨ ᠤ ᠳᠦᠷᠰᠦ ᠪᠠᠶᠢᠳᠠᠯ ᠰᠠᠶᠢᠨ᠂ ᠠᠷᠠᠳᠴᠢᠯᠠᠯ ᠰᠠᠶᠢᠨ ︽ᠲᠠᠪᠤᠨ ᠰᠠᠶᠢᠨ ᠭᠡᠷ ᠣᠷᠣᠨ︾᠎ ᠢ ᠪᠦᠭᠦ ᠬᠦᠴᠦᠨ ᠢᠶᠠᠷ ᠪᠠᠶᠢᠭᠤᠯᠪᠠ᠃      2023 ᠣᠨ ᠠᠴᠠ ᠨᠠᠭᠠᠰᠢ᠂ ᠮᠠᠨᠳᠤᠯ ᠰᠤᠮᠤ ᠮᠠᠯᠴᠢᠨ ᠲᠠᠷᠢᠶᠠᠴᠢᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠢ ᠳᠡᠪᠲᠡᠷ ᠲᠡᠭᠡᠨ ᠲᠡᠮᠳᠡᠭᠯᠡᠵᠦ᠂ ᠰᠡᠳᠬᠢᠯ ᠳᠡᠭᠡᠨ ᠬᠠᠳᠠᠩᠰᠢᠭᠤᠯᠤᠨ᠂ ᠠᠵᠢᠯᠯᠠᠭ᠎ᠠ ᠪᠠᠷ ᠢᠶᠠᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠰᠢᠭᠤᠳ᠂ ᠬᠠᠮᠤᠭ ᠪᠣᠳᠠᠲᠠᠢ ᠨᠢᠭᠡ ᠪᠦᠯᠦᠭ ᠬᠦᠴᠢᠷ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠣᠳᠣᠬᠠᠨ ᠪᠤᠯᠲᠠᠯ᠎ᠠ ᠲᠣᠰ ᠰᠤᠮᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 5 ᠲᠥᠷᠥᠯ ᠵᠦᠢᠯ ᠢ ᠨᠠᠶᠢᠳᠠᠪᠤᠷᠢᠵᠢᠭᠤᠯᠤᠨ ᠪᠡᠶᠡᠯᠡᠭᠦᠯᠵᠦ᠂ 771 ᠡᠷᠦᠭᠡ ᠶᠢᠨ 1998 ᠬᠥᠮᠥᠨ ᠳᠤ ᠠᠰᠢᠭ ᠬᠦᠷᠲᠡᠭᠡᠪᠡ᠃ ᠲᠡᠮᠡᠭᠡ ᠲᠡᠵᠢᠭᠡᠬᠦ ᠰᠠᠭᠤᠷᠢᠨ ᠤ ᠴᠢᠳᠠᠮᠵᠢ ᠶᠢ ᠳᠡᠭᠡᠭᠰᠢᠯᠡᠭᠦᠯᠭᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠨᠢ ᠡᠷᠭᠢᠨ ᠲᠣᠭᠤᠷᠢᠨ ᠤ ᠮᠠᠯᠴᠢᠨ ᠲᠠᠷᠢᠶᠠᠴᠢᠨ ᠣᠯᠠᠨ ᠲᠦᠮᠡᠨ ᠤ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠵᠦ ᠴᠢᠨᠡᠭᠡᠯᠢᠭᠵᠢᠬᠦ ︽ᠬᠠᠮᠲᠤ ᠪᠠᠷ ᠠᠰᠢᠭ ᠭᠦᠷᠳᠡᠭᠦ︾ ᠵᠠᠭᠪᠤᠷ ᠢ ᠨᠡᠭᠡᠭᠡᠪᠡ︔ ᠤᠤᠭᠤᠬᠤ ᠤᠰᠤᠨ ᠤ ᠴᠢᠨᠠᠷ ᠴᠢᠨᠰᠠᠭ᠎ᠠ ᠶᠢ ᠥᠭᠡᠷᠡᠴᠢᠯᠡᠨ ᠳᠡᠭᠡᠭᠰᠢᠯᠡᠭᠦᠯᠭᠦ ᠲᠥᠷᠥᠯ ᠵᠦᠢᠯ ᠨᠢ ᠮᠠᠯᠴᠢᠨ ᠲᠠᠷᠢᠶᠠᠴᠢᠨ ᠲᠦᠮᠡᠨ ᠤ ᠴᠡᠪᠡᠷ ᠠᠮᠲᠠᠯᠢᠭ ᠤᠰᠤ ᠤᠤᠭᠤᠬᠤ ᠬᠦᠰᠡᠯ ᠢ ᠲᠡᠷᠭᠡᠯᠰᠢᠭᠦᠯᠪᠡ︔ ᠬᠤᠭ ᠨᠣᠪᠰᠢ ᠶᠢ ᠪᠤᠯᠠᠬᠤ ᠲᠠᠯᠠᠪᠠᠢ᠂ ᠬᠤᠪᠢᠶᠠᠨ ᠰᠢᠢᠳᠪᠦᠷᠢᠯᠡᠬᠦ ᠦᠷᠳᠡᠭᠡ ᠶᠢᠨ ᠢᠵᠢ ᠪᠦᠷᠢᠳᠦᠭᠦᠯᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠎ ᠨᠢ ᠵᠠᠳᠠᠭᠠᠢ ᠪᠠᠷ ᠰᠢᠲᠠᠭᠠᠬᠤ᠂ ᠪᠦᠳᠦᠭᠦᠯᠢᠭ ᠪᠤᠯᠠᠭᠰᠠᠨ ᠠᠴᠠ ᠪᠣᠯᠤᠭᠰᠠᠨ ᠤᠳᠤᠭ᠎ᠠ ᠲᠣᠭᠤᠰᠣᠨ ᠤ ᠪᠣᠬᠢᠷᠳᠤᠯ ᠢ ᠪᠦᠲᠦᠮᠵᠢᠲᠡᠢ ᠰᠢᠢᠳᠪᠦᠷᠢᠯᠡᠵᠦ᠂ ᠭᠠᠯ ᠤᠨ ᠠᠶᠤᠯ ᠤᠨ ᠭᠡᠮ ᠰᠣᠭᠤᠭ ᠠᠴᠠ ᠪᠦᠳᠦᠮᠵᠢᠳᠠᠢ ᠵᠠᠶᠢᠯᠠᠰᠬᠢᠨ᠂ ᠬᠥᠳᠡᠭᠡ ᠲᠤᠰᠬᠤᠨ ᠮᠠᠯᠵᠢᠬᠤ ᠣᠷᠣᠨ ᠤ ᠤᠰᠤᠨ ᠤ ᠰᠤᠷᠪᠤᠯᠵᠢ ᠶᠢᠨ ᠠᠮᠤᠷ ᠲᠦᠪᠰᠢᠨ ᠪᠣᠯᠣᠨ ᠮᠠᠯᠴᠢᠨ ᠲᠠᠷᠢᠶᠠᠴᠢᠨ ᠤ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠦᠨᠡᠨ ᠬᠦ ᠪᠠᠲᠤᠯᠠᠪᠠ ᠁ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭ᠎ᠠ ᠳᠤ ᠨᠡᠶᠢᠴᠡᠭᠦᠯᠬᠦ ᠰᠠᠶᠢᠨ ᠶᠠᠪᠤᠳᠠᠯ ᠪᠣᠳᠠᠲᠤ ᠶᠠᠪᠤᠳᠠᠯ ᠪᠦᠭᠦᠨ ᠨᠢ ᠤᠯᠠᠨ ᠲᠦᠮᠡᠨ ᠳᠤ ᠭᠤᠣᠯ ᠰᠡᠳᠦᠪᠲᠦ ᠬᠥᠮᠦᠵᠢᠯ ᠤᠨ ᠠᠪᠴᠢᠷᠠᠭᠰᠠᠨ ᠰᠢᠨ᠎ᠡ ᠳᠦᠷᠰᠦ ᠪᠠᠶᠢᠳᠠᠯ ᠢ ᠦᠨᠡᠨ ᠬᠦ ᠮᠡᠳᠡᠷᠡᠭᠦᠯᠪᠡ᠃      ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠱᠤᠤ ᠴᠦᠨ᠂ ᠭᠤᠣᠯ ᠰᠡᠳᠦᠪᠲᠦ ᠬᠥᠮᠦᠵᠢᠯ ᠤᠨ ᠵᠠᠩᠭᠢᠯᠠᠭ᠎ᠠ ᠨᠢ ᠤᠯᠠᠨ ᠲᠦᠮᠡᠨ ᠤ ᠵᠢᠷᠭᠠᠯᠲᠤ ᠲᠥᠷᠥᠭᠳᠡᠯ ᠢ ᠨᠡᠩ ᠴᠢᠩᠭᠠᠳᠬᠠᠨ᠂ ᠬᠦᠷᠲᠡᠮᠵᠢ ᠶᠢᠨ ᠲᠥᠷᠥᠭᠳᠡᠯ ᠢ ᠨᠡᠩ ᠭᠦᠢᠴᠡᠳ ᠪᠤᠯᠭᠠᠵᠤ᠂ ᠠᠮᠤᠷ ᠲᠦᠪᠰᠢᠨ ᠤ ᠲᠥᠷᠥᠭᠳᠡᠯ ᠢ ᠨᠡᠩ ᠪᠣᠳᠠᠲᠠᠶᠢᠵᠢᠭᠤᠯᠤᠨ᠂ ᠪᠠᠭ᠎ᠠ ᠶᠠᠪᠤᠳᠠᠯ ᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠬᠠᠨ ᠪᠦᠲᠦᠭᠡᠵᠦ᠂ ᠺᠠᠳ᠋ᠷ ᠤᠯᠠᠨ ᠲᠦᠮᠡᠨ ᠳᠤ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠎ ᠶᠢ ᠦᠨᠡᠨ ᠬᠦ ᠮᠡᠳᠡᠷᠡᠭᠦᠯᠬᠦ ᠳᠤ ᠪᠤᠢ᠃ ᠲᠠᠷᠠᠭᠠᠴᠢ ᠪᠠᠷ ᠪᠢᠳᠡ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠣᠯᠠᠨ ᠲᠦᠮᠡᠨ ᠳᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷ ᠠᠰᠠᠭᠤᠳᠠᠯ ᠢ ᠢᠯᠡᠭᠦᠬᠡᠨ ᠰᠢᠢᠳᠪᠦᠷᠢᠯᠡᠵᠦ ᠥᠭᠭᠦᠨ᠎ᠡ ᠭᠡᠵᠦ ᠢᠯᠡᠳᠬᠡᠪᠡ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号