| ︵ᠡᠷᠳᠡᠨᠢᠴᠡᠴᠡᠭ︶ 1 ᠰᠠᠷ᠎ᠠ ᠶᠢᠨ 9 ᠤ ᠡᠳᠦᠷ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠲᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠳᠥᠷᠪᠡᠳᠡᠬᠢ ᠪᠠᠶᠠᠷ ᠢ ᠪᠡᠯᠭᠡᠯᠡᠬᠦ ᠪᠠᠭᠠᠲᠤᠷ | ᠵᠢᠱᠢᠶᠡᠴᠢ ᠶᠢᠨ ᠤᠶᠢᠯᠡ ᠶᠠᠪᠤᠳᠠᠯ ᠢ ᠤᠬᠠᠭᠤᠯᠤᠨ ᠲᠠᠶᠢᠯᠪᠤᠷᠢᠯᠠᠬᠤ ᠵᠢᠴᠢ ᠬᠥᠬᠢᠭᠦᠯᠦᠨ ᠱᠠᠩᠨᠠᠬᠤ ᠶᠡᠭᠡ ᠬᠤᠷᠠᠯ | ᠪᠠᠶᠠᠨᠬᠤᠲᠠ ᠳᠤ ᠶᠠᠪᠤᠭᠳᠠᠵᠤ᠂ ᠠᠶᠢᠮᠠᠭ ᠤᠨ ᠤᠳᠤᠷᠢᠳᠤᠯᠭ᠎ᠠ ᠵᠠᠩ ᠪᠤᠤ ᠴᠧᠩ᠂ ᠳ᠋ᠠᠢ ᠵᠢᠶᠦ᠋ᠨ ᠬᠤᠷᠠᠯ ᠳᠤ | ᠣᠷᠣᠯᠴᠠᠪᠠ᠃ | ᠬᠤᠷᠠᠯ ᠳᠤ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠠᠶᠠᠨᠪᠤᠬᠳᠠ ᠳᠠᠬᠢ | ᠲᠣᠮᠢᠯᠠᠭᠰᠠᠨ ᠰᠠᠯᠪᠤᠷᠢ ᠶᠢᠨ ᠳᠠᠷᠤᠭ᠎ᠠ ᠵᠠᠩ ᠪᠤᠤ ᠶᠤᠸᠠᠨ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠭᠢ ᠶᠢᠨ ᠮᠡᠷᠭᠡᠵᠢᠯ ᠤᠨ ᠶᠡᠭᠡ | ᠠᠩᠭᠢ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠲᠥᠪ ᠤᠨ | ᠡᠷᠭᠢᠯᠡᠭᠴᠢ ᠭᠤᠤ ᠬᠠᠢ ᠹᠧᠩ ᠵᠡᠷᠭᠡ 7 ᠲᠥᠯᠥᠭᠡᠯᠡᠭᠴᠢ ᠤᠭ ᠰᠠᠨᠠᠭ᠎ᠠ ᠪᠠᠨ ᠮᠠᠷᠲᠠᠯ ᠦᠭᠡᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ ᠶᠠᠪᠤᠭᠰᠠᠨ ᠵᠢᠱᠢᠶᠡᠴᠢ ᠤᠶᠢᠯᠡ ᠠᠵᠢᠯᠯᠠᠭ᠎ᠠ ᠪᠠᠨ ᠤᠯᠠᠨ ᠲᠠᠢ ᠬᠤᠪᠢᠶᠠᠯᠴᠠᠵᠠᠢ᠃ | ᠬᠤᠷᠠᠯ ᠳᠡᠭᠡᠷ᠎ᠡ ᠪᠠᠰᠠ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ | ᠬᠠᠮᠠᠭᠠᠯᠠᠬᠤ ᠶᠡᠭᠡ ᠠᠩᠭᠢ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ | ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ᠂ ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ ᠵᠡᠷᠭᠡ 18 ᠲᠡᠷᠢᠭᠦᠨ ᠤ ᠬᠠᠮᠲᠤ ᠨᠢᠭᠡᠴᠢ ᠪᠠ | ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠠᠶᠠᠨᠳᠤᠤᠷᠠᠢ ᠳᠠᠬᠢ ᠲᠣᠮᠢᠯᠠᠭᠰᠠᠨ | ᠰᠠᠯᠪᠤᠷᠢ ᠶᠢᠨ ᠳᠡᠳ᠋ ᠳᠠᠷᠤᠭ᠎ᠠ ᠸᠠᠩ ᠳ᠋ᠦᠩ ᠰᠢᠦᠢ ᠵᠡᠷᠭᠡ 39 ᠲᠡᠷᠢᠭᠦᠨ ᠤ ᠬᠤᠪᠢ ᠬᠥᠮᠥᠨ᠂ ᠠᠶᠢᠮᠠᠭ ᠤᠨ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠠᠨ ᠤ ᠶᠠᠪᠤᠳᠠᠯ ᠤᠨ ᠪᠠᠲᠤᠯᠠᠭᠠᠨ ᠤ ᠰᠠᠯᠪᠤᠷᠢ ᠠᠩᠭᠢ ᠶᠢᠨ | ᠲᠤᠰᠠᠯᠠᠭᠴᠢ ᠴᠠᠭᠳᠠᠭ᠎ᠠ ᠪᠤᠤ ᠷᠦᠡᠭ ᠱᠸᠡᠭ ᠤᠨ ᠭᠡᠷᠭᠡᠢ ᠲᠢᠶᠠᠨ ᠨᠠᠷᠠᠨ ᠵᠡᠷᠭᠡ ᠬᠠᠮᠤᠭ ᠭᠤᠶᠤ ᠴᠠᠭᠳᠠᠭᠠᠨ ᠤ 10 | ᠭᠡᠷ ᠪᠦᠯᠢ ᠶᠢᠨ ᠬᠢᠨ ᠢ ᠱᠠᠩᠨᠠᠨ ᠬᠥᠬᠢᠭᠦᠯᠦᠭᠰᠡᠨ ᠪᠠᠶᠢᠨ᠎ᠠ᠃ | | |