ᠮᠠᠨ ᠤ ᠤᠯᠤᠰ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/3/11
            ᠰᠤᠷᠪᠤᠯᠵᠢᠯᠠᠬᠴᠢ ᠰᠠᠶ᠋ᠢᠬᠠᠨ ᠬᠤᠷᠠᠯᠳᠤᠭᠰᠠᠨ ᠪᠦᠭᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠤᠯᠤᠰ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠣᠳᠣᠬᠠᠨ ᠤ ᠠᠶᠤᠯᠭᠦᠢ ᠦᠢᠯᠡᠳᠪᠦᠷᠢᠯᠡᠯ ᠢ ᠬᠦᠯᠢᠶᠡᠰᠦᠯᠡᠵᠦ ᠪᠠᠶᠢᠭ᠎ᠠ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠶᠤᠯᠭᠦᠢ ᠬᠥᠮᠦᠵᠢᠯ ᠪᠣᠯᠪᠠᠰᠤᠷᠠᠯ᠂ ᠬᠦᠨᠳᠦ ᠶᠡᠭᠡ ᠠᠳᠡᠯ ᠤᠨ ᠭᠡᠮ ᠰᠣᠭᠤᠭ ᠢ ᠬᠢᠨᠠᠨ ᠲᠣᠭᠲᠠᠭᠠᠬᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠦᠨᠳᠦ ᠶᠡᠭᠡ ᠠᠳᠡᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠵᠡᠷᠭᠡ ᠶᠢ ᠬᠦᠴᠦᠯᠡᠨ ᠠᠳᠬᠤᠵᠤ᠂ ᠮᠥᠨ ᠴᠢᠨᠠᠷ ᠤᠨ ᠠᠶᠤᠯᠭᠦᠢ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠭᠦ ᠪᠣᠯᠣᠨ᠎ᠠ᠃      ᠬᠤᠷᠠᠯ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ 2024 ᠣᠨ ᠳᠤ᠂ ᠠᠭᠤᠷᠬᠠᠢ ᠶᠢᠨ ᠲᠠᠯ᠎ᠠ ᠪᠠᠷ ᠠᠵᠢᠯ ᠲᠦᠷᠦᠯ ᠤᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠡᠷᠴᠢᠮᠲᠡᠢ ᠥᠷᠨᠢᠭᠦᠯᠵᠦ᠂ ᠭᠠᠮᠰᠢᠭ ᠡᠭᠦᠰᠬᠡᠬᠦ ᠳᠠᠯᠳᠠ ᠡᠯᠧᠮᠧᠨ᠋ᠲ ᠢ ᠨᠡᠶᠢᠳᠡᠮ ᠪᠠᠶᠢᠴᠠᠭᠠᠬᠤ ᠪᠠ ᠬᠦᠨᠳᠦ ᠶᠡᠭᠡ ᠭᠠᠮᠰᠢᠭ ᠢ ᠤᠷᠢᠳᠴᠢᠯᠠᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠦᠨ᠎ᠠ᠂ ᠠᠶᠤᠯᠲᠠᠢ ᠬᠢᠮᠢ ᠶᠢᠨ ᠪᠣᠳᠠᠰ ᠤᠨ ᠲᠠᠯ᠎ᠠ ᠪᠠᠷ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪ ᠤᠨ ᠪᠤᠰᠤ ᠠᠵᠢᠯ ᠤᠨ ᠪᠠᠶᠢᠳᠠᠯ ᠢ ᠠᠮᠤᠷ ᠲᠦᠪᠰᠢᠨ ᠢᠶᠠᠷ ᠰᠢᠢᠳᠪᠦᠷᠢᠯᠡᠬᠦ ᠪᠠᠷᠢᠮᠵᠢᠶ᠎ᠠ ᠶᠢ ᠲᠣᠭᠲᠠᠭᠠᠵᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠶᠢ ᠭᠦᠨᠵᠡᠭᠡᠢ ᠠᠭᠢᠭᠤᠯᠤᠨ᠎ᠠ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠲᠠᠯ᠎ᠠ ᠪᠠᠷ ᠭᠤᠣᠯᠳᠠᠯᠭ᠎ᠠ ᠲᠠᠢ ᠨᠢᠭᠡᠴᠢ ᠪᠣᠯᠣᠨ ᠬᠥᠮᠥᠰ ᠤᠯᠠᠨ ᠬᠤᠷᠠᠵᠤ ᠴᠤᠭᠯᠠᠷᠠᠬᠤ ᠲᠠᠯᠠᠪᠤᠷ ᠭᠠᠵᠠᠷ ᠢ ᠲᠤᠶᠢᠯᠪᠤᠷᠢᠲᠠᠢ ᠪᠠᠶᠢᠴᠠᠭᠠᠵᠤ᠂ ᠠᠶᠤᠯ ᠲᠦᠭᠰᠢᠭᠦᠷᠢ ᠎ ᠶᠢᠨ ᠭᠡᠮ ᠰᠣᠭᠤᠭ ᠢ ᠪᠦᠭᠦ ᠲᠠᠯ᠎ᠠ ᠪᠠᠷ ᠴᠡᠭᠴᠡᠯᠡᠨ ᠵᠠᠰᠠᠨ᠎ᠠ᠂ ᠠᠵᠤ ᠦᠢᠯᠡᠳᠪᠦᠷᠢ ᠠᠷᠠᠯᠵᠢᠶᠠᠨ ᠤ ᠲᠠᠯ᠎ᠠ ᠪᠠᠷ ᠠᠶᠤᠯ ᠲᠦᠭᠰᠢᠭᠦᠷᠢ ᠶᠡᠬᠡᠲᠡᠢ ᠬᠦᠷᠢᠶ᠎ᠡ ᠴᠠᠷᠠᠭ᠎ᠠ᠂ ᠠᠶᠤᠯ ᠲᠦᠭᠰᠢᠭᠦᠷᠢ ᠶᠡᠬᠡᠲᠡᠢ ᠲᠠᠯᠠᠪᠤᠷ ᠭᠠᠵᠠᠷ ᠢ ᠣᠨᠴᠠᠭᠠᠶᠢᠯᠠᠨ ᠠᠩᠬᠠᠷᠴᠤ᠂ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠦᠨ᠎ᠡ ᠭᠡᠵᠦ ᠢᠯᠡᠳᠬᠡᠪᠡ᠃      ᠡᠨᠡ ᠬᠦ ᠬᠠᠷᠢᠭᠤᠴᠠᠯᠭᠠᠲᠠᠨ᠂ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠵᠢᠯᠤᠭᠤᠳᠬᠤ᠂ ᠠᠪᠤᠷᠠᠨ ᠲᠤᠰᠠᠯᠠᠬᠤ ᠴᠢᠳᠠᠪᠤᠷᠢ᠂ ᠬᠦᠨᠳᠦ ᠭᠠᠮᠰᠢᠭ ᠢ ᠰᠡᠷᠭᠡᠶᠢᠯᠡᠬᠦ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ ᠢᠨᠵᠧᠨᠧᠷᠢᠩ ᠤᠨ ᠬᠡᠷᠡᠭᠵᠢᠭᠦᠯᠦᠯᠲᠡ ᠶᠢ ᠴᠢᠨᠠᠷ ᠰᠠᠶᠢᠲᠠᠢ ᠠᠬᠢᠭᠤᠯᠵᠤ᠂ ᠦᠨᠳᠦᠰᠦᠨ ᠱᠠᠲᠤᠨ ᠤ ᠨᠢᠭᠡ ᠪᠦᠯᠦᠭ ᠡᠳ᠋ ᠪᠣᠳᠠᠰ ᠨᠥᠭᠡᠴᠡᠯᠡᠬᠦ᠂ ᠪᠣᠳᠠᠲᠤ ᠪᠠᠶᠢᠯᠳᠤᠭᠠᠨ ᠪᠣᠳᠠᠲᠤ ᠪᠣᠯᠪᠠᠰᠤᠷᠠᠯ᠂ ᠪᠠᠶᠢᠯᠳᠤᠭᠠᠨ ᠤ ᠠᠷᠤ ᠲᠠᠯ᠎ᠠ ᠎ ᠶᠢᠨ ᠦᠢᠯᠡᠴᠢᠯᠡᠭᠡ ᠪᠠᠲᠤᠯᠠᠭ᠎ᠠ ᠵᠡᠷᠭᠡ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠲᠦᠷᠦᠯ ᠵᠦᠢᠯ ᠢ ᠬᠡᠷᠡᠭᠵᠢᠭᠦᠯᠬᠦ ᠶᠢ ᠳᠡᠮᠵᠢᠨ᠎ᠠ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠠᠯ᠎ᠠ ᠪᠠᠷ ᠡᠯ᠎ᠡ ᠱᠠᠲᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠣᠳᠠᠲᠠᠶᠢᠵᠢᠭᠤᠯᠵᠤ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ ᠂ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ ᠠᠴᠠ ᠠᠪᠤᠷᠠᠬᠤ ᠲᠠᠯ᠎ᠠ ᠪᠠᠷ ᠭᠠᠵᠠᠷ ᠬᠥᠳᠡᠯᠦᠯᠲᠡ ᠤᠯᠠᠨ ᠡᠭᠦᠰᠬᠦ ᠣᠷᠣᠨ ᠤ ᠭᠡᠷ ᠪᠠᠶᠢᠰᠢᠩ ᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠣᠯᠠᠨ ᠳᠡᠰ ᠳᠠᠪᠬᠤᠷᠭ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠲᠠᠯᠠᠪᠤᠷ ᠭᠠᠵᠠᠷ ᠢ ᠲᠡᠭᠦᠯᠳᠡᠷᠵᠢᠭᠦᠯᠦᠨ᠎ᠠ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠠᠯ᠎ᠠ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠨ᠎ᠡ ᠮᠡᠷᠭᠡᠵᠢᠯ᠂ ᠰᠢᠨ᠎ᠡ ᠲᠣᠨᠣᠭᠯᠠᠯ᠂ ᠰᠢᠨ᠎ᠡ ᠰᠢᠰᠲ᠋ᠧᠮ ᠤᠨ ᠬᠡᠷᠡᠭᠯᠡᠯᠲᠡ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠣᠯᠠᠨ ᠲᠦᠮᠡᠨ ᠰᠡᠷᠭᠡᠶᠢᠯᠡᠵᠦ ᠣᠯᠠᠨ ᠲᠦᠮᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠠ᠂ ᠭᠠᠮᠰᠢᠭ ᠠᠴᠠ ᠠᠪᠤᠷᠠᠨ ᠲᠤᠰᠠᠯᠠᠬᠤ ᠲᠠᠯ᠎ᠠ ᠪᠠᠷ ᠣᠷᠣᠨ ᠨᠤᠲᠤᠭ ᠤᠨ ᠡᠯ᠎ᠡ ᠱᠠᠲᠤᠨ ᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠲᠦᠷᠭᠡᠨ ᠰᠢᠯᠵᠢᠭᠦᠯᠦᠨ ᠪᠠᠭᠤᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠠ᠂ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠠᠯ᠎ᠠ ᠪᠠᠷ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠵᠤ ᠦᠨᠡᠯᠡᠬᠦ ᠪᠠᠶᠢᠩᠭᠤᠵᠢᠭᠰᠠᠨ ᠲᠣᠭᠲᠠᠴᠠ ᠶᠢ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠵᠠᠢ᠃      
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号