ᠮᠠᠨ ᠤ ᠤᠯᠤᠰ ᠰᠢᠨ᠎ᠡ ᠡᠨᠧᠷᠭᠢ ᠶᠢᠨ ᠮᠠᠰᠢᠨ ᠲᠡᠷᠭᠡ ᠪᠣᠯᠣᠨ ᠴᠠᠭᠢᠯᠭᠠᠨ ᠲᠣᠣᠷ ᠤᠨ ᠠᠭᠤᠰᠤᠯᠴᠠᠯ ᠬᠤᠷᠰᠢᠯᠴᠠᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/3/11
                             ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠶᠢᠨ ᠡᠳᠦᠷ ᠮᠡᠳᠡᠭᠡ ᠨᠡᠶᠢᠲᠡᠯᠡᠵᠦ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠰᠢᠨ᠎ᠡ ᠡᠨᠧᠷᠭᠢ ᠶᠢᠨ ᠮᠠᠰᠢᠨ ᠲᠡᠷᠭᠡ ᠬᠢᠭᠡᠳ ᠴᠠᠭᠢᠯᠭᠠᠨ ᠲᠣᠣᠷ ᠤᠨ ᠠᠭᠤᠰᠤᠯᠴᠠᠯ ᠬᠤᠷᠰᠢᠯᠴᠠᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠮᠠᠰᠢᠨ ᠲᠡᠷᠭᠡ ᠪᠣᠯᠣᠨ ᠴᠠᠭᠢᠯᠭᠠᠨ ᠲᠣᠣᠷ ᠤᠨ ᠠᠭᠤᠰᠤᠯᠴᠠᠯ ᠬᠤᠷᠰᠢᠯᠴᠠᠯ ᠤᠨ ᠰᠢᠨ᠎ᠡ ᠭᠡᠯᠪᠡᠷᠢ ᠶᠢᠨ ᠠᠵᠤ ᠦᠢᠯᠡᠰ ᠤᠨ ᠠᠮᠢ ᠠᠬᠤᠢ ᠶᠢ ᠶᠡᠭᠡ ᠪᠠᠷ ᠪᠣᠶᠢᠵᠢᠭᠤᠯᠵᠤ᠂ ᠴᠢᠨᠠᠷ ᠰᠠᠶᠢᠲᠠᠢ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠲᠤᠯᠭᠠᠭᠤᠷᠢᠯᠠᠪᠠ᠃      ᠬᠥᠭᠵᠢᠯᠲᠡ ᠶᠢᠨ ᠬᠠᠷᠠᠯᠲᠠ ᠶᠢᠨ ᠲᠠᠯ᠎ᠠ ᠪᠠᠷ ᠰᠠᠨᠠᠯ ᠳᠤ᠂ 2025 ᠣᠨ ᠪᠤᠯᠬᠤ ᠳᠤ᠂ ᠮᠠᠨ ᠤ ᠤᠯᠤᠰ ᠤᠨ ᠮᠠᠰᠢᠨ ᠲᠡᠷᠭᠡ ᠪᠣᠯᠣᠨ ᠴᠠᠭᠢᠯᠭᠠᠨ ᠲᠣᠣᠷ ᠤᠨ ᠬᠤᠷᠰᠢᠯᠴᠠᠯ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠴᠠᠭᠢᠯᠭᠠᠨ ᠴᠡᠨᠡᠭᠯᠡᠬᠦ ᠣᠷᠭᠢᠯ ᠦᠶ᠎ᠡ ᠶᠢᠨ ᠴᠠᠭᠢᠯᠭᠠᠨ ᠤ ᠦᠨ᠎ᠡ ᠶᠢᠨ ᠲᠣᠭᠲᠠᠴᠠ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢᠨ ᠬᠠᠮᠲᠤ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢᠨ ᠪᠠᠶᠢᠭᠤᠯᠤᠯᠲᠠ ᠶᠢ ᠴᠢᠬᠤᠯᠠ ᠠᠬᠢᠴᠠ ᠲᠠᠢ ᠪᠤᠯᠭᠠᠵᠤ᠂ ᠮᠠᠰᠢᠨ ᠲᠡᠷᠭᠡ ᠪᠣᠯᠣᠨ ᠴᠠᠭᠢᠯᠭᠠᠨ ᠲᠣᠣᠷ ᠤᠨ ᠬᠤᠷᠰᠢᠯᠴᠠᠯ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠡᠷᠴᠢᠮ ᠢ ᠴᠢᠩᠭᠠᠷᠠᠭᠤᠯᠤᠨ᠎ᠠ᠃ 2030 ᠣᠨ ᠪᠤᠯᠲᠠᠯ᠎ᠠ᠂ ᠮᠠᠨ ᠤ ᠤᠯᠤᠰ ᠤᠨ ᠮᠠᠰᠢᠨ ᠲᠡᠷᠭᠡ ᠪᠣᠯᠣᠨ ᠴᠠᠭᠢᠯᠭᠠᠨ ᠲᠣᠣᠷ ᠤᠨ ᠬᠤᠷᠰᠢᠯᠴᠠᠯ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠲᠣᠭᠲᠠᠴᠠ ᠶᠢ ᠨᠠᠩ ᠲᠡᠭᠦᠯᠳᠡᠷᠵᠢᠭᠦᠯᠦᠨ᠂ ᠮᠠᠰᠢᠨ ᠲᠡᠷᠭᠡ ᠪᠣᠯᠣᠨ ᠴᠠᠭᠢᠯᠭᠠᠨ ᠲᠣᠣᠷ ᠤᠨ ᠬᠤᠷᠰᠢᠯᠴᠠᠯ ᠢ ᠬᠡᠪᠴᠢᠶᠡᠵᠢᠭᠦᠯᠦᠨ ᠬᠡᠷᠡᠭᠯᠡᠬᠦ ᠶᠢ ᠪᠡᠶᠡᠯᠡᠭᠦᠯᠵᠦ᠂ ᠣᠶᠤᠨᠴᠢ ᠪᠥᠭᠡᠳ ᠡᠮᠬᠢ ᠵᠢᠷᠤᠮ ᠲᠠᠢ ᠪᠠᠷ ᠴᠠᠭᠢᠯᠭᠠᠨ ᠴᠡᠨᠡᠭᠯᠡᠬᠦ ᠶᠢ ᠪᠦᠭᠦ ᠲᠠᠯ᠎ᠠ ᠪᠠᠷ ᠳᠡᠯᠭᠡᠷᠡᠭᠦᠯᠬᠦ ᠪᠠᠷ ᠴᠢᠷᠮᠠᠶᠢᠨ᠎ᠠ ᠭᠡᠵᠦ ᠳᠤᠷᠠᠳᠤᠨ ᠭᠠᠷᠭᠠᠪᠠ᠃      ᠰᠠᠨᠠᠯ ᠳᠤ᠂ ᠮᠠᠰᠢᠨ ᠲᠡᠷᠭᠡ ᠪᠣᠯᠣᠨ ᠴᠠᠭᠢᠯᠭᠠᠨ ᠲᠣᠣᠷ ᠤᠨ ᠬᠤᠷᠰᠢᠯᠴᠠᠯ ᠤᠨ ᠭᠤᠣᠯ ᠮᠡᠷᠭᠡᠵᠢᠯ ᠤᠨ ᠪᠣᠭᠤᠮᠲᠠ ᠰᠢᠪᠲᠤᠯᠬᠤ᠂ ᠮᠠᠰᠢᠨ ᠲᠡᠷᠭᠡ ᠪᠣᠯᠣᠨ ᠴᠠᠭᠢᠯᠭᠠᠨ ᠲᠣᠣᠷ ᠤᠨ ᠬᠤᠷᠰᠢᠯᠴᠠᠯ ᠤᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠢᠵᠢ ᠪᠦᠷᠢᠳᠦᠭᠦᠯᠬᠦ ᠴᠠᠭᠢᠯᠭᠠᠨ ᠤ ᠦᠨ᠎ᠡ ᠪᠣᠯᠣᠨ ᠵᠠᠬ᠎ᠠ ᠳᠡᠯᠭᠡᠭᠦᠷ ᠤᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ᠂ ᠬᠤᠣᠰ ᠴᠢᠭᠯᠡᠯ ᠢᠶᠠᠷ ᠴᠠᠭᠢᠯᠭᠠᠨ ᠴᠡᠨᠡᠭᠯᠡᠵᠦ ᠴᠠᠭᠢᠯᠭᠠᠨ ᠭᠠᠷᠭᠠᠬᠤ ᠶᠢ ᠰᠦᠪᠡᠭᠴᠢᠯᠡᠨ ᠥᠷᠨᠢᠭᠦᠯᠬᠦ᠂ ᠴᠠᠭᠢᠯᠭᠠᠨ ᠴᠡᠨᠡᠭᠯᠡᠵᠦ ᠰᠣᠯᠢᠬᠤ ᠲᠥᠬᠦᠭᠡᠷᠦᠮᠵᠢ ᠶᠢᠨ ᠬᠤᠷᠰᠢᠯᠴᠠᠬᠤ ᠲᠦᠪᠰᠢᠨ ᠢ ᠢᠳᠡᠪᠬᠢᠲᠡᠢ ᠳᠡᠭᠡᠭᠰᠢᠯᠡᠭᠦᠯᠭᠦ᠂ ᠴᠠᠭᠢᠯᠭᠠᠨ ᠲᠣᠣᠷ ᠤᠨ ᠠᠵᠤ ᠠᠬᠤᠶᠢᠯᠠᠯ ᠤᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠰᠢᠰᠲ᠋ᠧᠮ ᠲᠠᠢ ᠴᠢᠩᠭᠠᠳᠬᠠᠬᠤ ᠵᠡᠷᠭᠡ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠬᠠᠮᠵᠢᠯᠴᠠᠨ ᠠᠬᠢᠭᠤᠯᠬᠤ ᠶᠢ ᠲᠣᠳᠣᠷᠬᠠᠶᠢᠯᠠᠪᠠ᠃            
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号