| | ᠡᠨᠡ ᠵᠢᠯ ᠤᠨ 1 ᠰᠠᠷ᠎ᠠ ᠶᠢᠨ 10 ᠤ ᠡᠳᠦᠷ ᠪᠣᠯ ᠳᠥᠷᠪᠡᠳᠡᠬᠢ ᠳᠤᠮᠳᠠᠳᠤ ᠤᠯᠤᠰ ᠤᠨ ᠠᠷᠠᠳ ᠤᠨ | ᠴᠠᠭᠳᠠᠭ᠎ᠠ ᠶᠢᠨ ᠪᠠᠶᠠᠷ ᠪᠣᠯᠣᠨ᠎ᠠ᠃ | ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠪᠣᠯ ᠤᠯᠤᠰ ᠤᠨ ᠲᠠᠰ ᠳᠠᠪᠬᠤᠷᠭ᠎ᠠ ᠠᠴᠠ | ᠲᠤᠰᠬᠠᠶᠢᠯᠠᠨ ᠠᠷᠠᠳ ᠤᠨ ᠴᠠᠭᠳᠠᠭᠠᠨ ᠤ ᠡᠩᠨᠡᠭᠡᠨ ᠳᠤ ᠵᠣᠷᠢᠭᠤᠯᠤᠨ ᠲᠣᠭᠲᠠᠭᠠᠭᠰᠠᠨ ᠪᠠᠶᠠᠷ ᠤᠨ ᠡᠳᠦᠷ ᠪᠣᠯᠣᠨ᠎ᠠ᠃ | 2020 ᠣᠨ ᠤ 7 ᠰᠠᠷ᠎ᠠ ᠶᠢᠨ 21 ᠤ ᠡᠳᠦᠷ᠂ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ | ᠭᠠᠷᠭᠠᠬᠤ ᠶᠢ ᠵᠥᠪᠰᠢᠶᠡᠷᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾ ᠶᠢ ᠨᠡᠶᠢᠲᠡᠯᠡᠵᠦ᠂ | 2021 ᠣᠨ ᠠᠴᠠ ᠡᠬᠢᠯᠡᠨ ᠵᠢᠯ ᠪᠦᠷᠢ ᠶᠢᠨ 1 ᠰᠠᠷ᠎ᠠ ᠶᠢᠨ 10 ᠤ ᠡᠳᠦᠷ ᠢ ᠳᠤᠮᠳᠠᠳᠤ ᠤᠯᠤᠰ ᠤᠨ ᠠᠷᠠᠳ ᠤᠨ | ᠴᠠᠭᠳᠠᠭ᠎ᠠ ᠶᠢᠨ ᠪᠠᠶᠠᠷ ᠤᠨ ᠡᠳᠦᠷ ᠪᠤᠯᠭᠠᠬᠤ ᠪᠠᠷ ᠵᠥᠪᠰᠢᠶᠡᠷᠡᠪᠡ᠃ | ᠲᠤᠰ ᠪᠠᠶᠠᠷ ᠤᠨ ᠡᠳᠦᠷ ᠢ ᠲᠣᠭᠲᠠᠭᠠᠭᠰᠠᠨ ᠨᠢ ᠠᠷᠠᠳ ᠤᠨ ᠴᠠᠭᠳᠠᠭᠠᠨ ᠤ ᠡᠩᠨᠡᠭᠡᠨ ᠤ ᠠᠷᠠᠳ ᠲᠦᠮᠡᠨ ᠤ | ᠠᠰᠢᠭ ᠲᠤᠰᠠ ᠶᠢᠨ ᠲᠥᠯᠥᠭᠡ ᠪᠠᠭᠠᠲᠤᠷᠯᠢᠭ ᠢᠶᠠᠷ ᠲᠡᠮᠡᠴᠡᠭᠰᠡᠨ ᠢ ᠭᠦᠢᠴᠡᠳ ᠨᠤᠲᠠᠯᠠᠵᠤ᠂ ᠢᠯᠡ ᠲᠣᠳᠣ ᠤᠯᠤᠰ | ᠲᠥᠷᠥᠴᠢ ᠴᠢᠨᠠᠷ᠂ ᠥᠷᠭᠡᠨ ᠳᠡᠯᠭᠡᠷ ᠠᠷᠠᠳᠴᠢ ᠴᠢᠨᠠᠷ ᠪᠠ ᠴᠠᠭᠳᠠᠭᠠᠨ ᠤ ᠠᠵᠢᠯ ᠤᠨ ᠪᠡᠯᠭᠡ ᠲᠡᠮᠳᠡᠭᠲᠦ ᠴᠢᠨᠠᠷ ᠢ | ᠬᠠᠷᠠᠭᠤᠯᠵᠠᠢ᠃ ᠠᠷᠠᠳ ᠤᠨ ᠴᠠᠭᠳᠠᠭ᠎ᠠ ᠶᠢᠨ ᠡᠩᠨᠡᠭᠡᠨ ᠤ ᠬᠤᠪᠢᠰᠬᠠᠯᠵᠢᠬᠤ ᠵᠢᠩᠬᠢᠨᠢᠴᠢᠯᠡᠬᠦ ᠲᠤᠰᠬᠠᠶᠢᠵᠢᠬᠤ ᠠᠵᠢᠯ | ᠮᠡᠷᠭᠡᠵᠢᠬᠦ ᠪᠠᠶᠢᠭᠤᠯᠤᠯᠲᠠ ᠶᠢ ᠠᠬᠢᠭᠤᠯᠵᠤ᠂ ᠥᠷᠭᠡᠨ ᠤᠯᠠᠨ ᠠᠷᠠᠳ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ | ᠢᠷᠠᠭᠤ ᠠᠯᠳᠠᠷ ᠤᠨ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ | ᠨᠡᠮᠡᠭᠳᠡᠭᠦᠯᠵᠦ᠂ ᠪᠦᠭᠦ ᠴᠠᠭᠳᠠᠭ᠎ᠠ ᠶᠢᠨ ᠬᠢᠨ ᠪᠠᠲᠤ ᠴᠢᠩᠭ᠎ᠠ ᠬᠠᠷᠢᠭᠤᠴᠠᠯᠭᠠᠲᠤ ᠵᠣᠷᠢᠭ ᠰᠠᠨᠠᠭ᠎ᠠ ᠪᠠᠷ ᠠᠷᠠᠳ | ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ | ᠵᠣᠷᠢᠭᠵᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | |