ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2024/3/11
                       2023ᠣᠨ ᠪ᠊ ᠠᠮᠵᠢᠯᠲᠠ ᠪᠦᠳᠤᠮᠵᠢ      ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠡᠭᠢᠯᠡᠯᠲᠡ ᠶᠢᠨ ᠵᠢᠯ ᠶᠤᠮ᠃ ᠭᠤᠷᠪᠠᠨ ᠵᠢᠯ ᠳᠡᠯᠭᠡᠷᠡᠭᠰᠡᠨ ᠰᠢᠨ᠎ᠡ ᠲᠢᠲᠢᠮᠯᠢᠭ ᠬᠢᠵᠢᠭ ᠢ ᠰᠡᠷᠭᠡᠶᠢᠯᠡᠨ ᠬᠢᠵᠠᠭᠠᠷᠯᠠᠵᠤ ᠥᠩᠭᠡᠷᠡᠭᠦᠯᠦᠭᠰᠡᠨ ᠤ ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠮᠥᠨ᠂ ᠪᠠᠰᠠ ᠴᠤ ᠠᠯᠠᠱᠠ ᠶᠢᠨ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠣᠨᠴᠠᠭᠠᠶ ᠪᠥᠭᠡᠳ ᠶᠡᠷᠦ ᠪᠤᠰᠤ ᠶᠢᠨ ᠨᠢᠭᠡ ᠵᠢᠯ ᠪᠠᠶᠢᠭ᠎ᠠ ᠶᠤᠮ᠃ ᠨᠢᠭᠡ ᠵᠢᠯ ᠤᠨ ᠲᠤᠷᠰᠢ᠂ ᠪᠢᠳᠡ ᠠᠶᠢᠮᠠᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠴᠢᠷᠳᠡᠯ ᠥᠷᠢᠰᠦᠯᠳᠦᠭᠡᠨ ᠢ ᠢᠯᠠᠨ ᠳᠠᠪᠠᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠠᠭᠤᠷᠢ ᠪᠠᠨ ᠪᠠᠬᠢᠵᠢᠭᠦᠯᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠦᠭᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠡᠢ᠃       ᠨᠢᠭᠡ᠂ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠪᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠨ᠂ ᠶᠡᠷᠦᠩᠬᠡᠢ ᠱᠦᠵᠢ ᠶᠢᠨ ᠨᠢᠳᠤᠨᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠠᠯᠠᠱᠠ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠦᠭᠦ ᠠᠶᠢᠮᠠᠭ ᠢᠶᠠᠷ ᠢᠶᠠᠨ ︽ᠬᠤᠶᠠᠷ ᠢ ᠲᠣᠭᠲᠠᠭᠠᠭᠰᠠᠨ︾  ᠢ ᠬᠦᠷᠢᠶᠡᠯᠡᠨ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠬᠦ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠡᠩ ᠡᠷᠡᠰ ᠪᠠᠲᠤᠳᠬᠠᠬᠤ ᠶᠢ ᠪᠡᠶᠡᠯᠡᠭᠦᠯᠵᠡᠢ᠃      ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠭᠤᠣᠯ ᠰᠡᠳᠦᠪ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠠᠳᠬᠤᠵᠤ᠂ ᠦᠨᠡᠨ ᠪᠣᠳᠠᠲᠠᠢ ᠪᠠᠶᠢᠴᠠᠭᠠᠨ ᠰᠤᠳᠤᠯᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠨᠢᠭᠡ ᠪᠦᠯᠦᠭ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠ ᠤᠯᠠᠨ ᠲᠦᠮᠡᠨ ᠤ ︽ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠵᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠦᠨ᠂ ᠰᠤᠷᠤᠯᠴᠠᠬᠤ ᠪᠠᠷ ᠰᠤᠷᠲᠠᠯ ᠢᠶᠠᠨ ᠲᠥᠪ ᠪᠤᠯᠭᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠤᠨ᠂ ᠪᠣᠳᠠᠲᠤ ᠦᠷ᠎ᠡ ᠪᠦᠲᠦᠮᠵᠢ ᠣᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠠᠵᠢᠯ ᠬᠢᠵᠦ ᠦᠢᠯᠡᠰ ᠪᠣᠰᠬᠠᠬᠤ ᠤᠶᠤᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠭᠠᠪᠠ᠃       ᠬᠤᠶᠠᠷ᠂ ᠲᠠᠪᠤᠨ ᠶᠡᠭᠡ ᠡᠭᠦᠷᠭᠡ ᠶᠢ ᠬᠦᠴᠦᠲᠡᠢ ᠨᠠᠶᠢᠳᠠᠪᠤᠷᠢᠵᠢᠭᠤᠯᠪᠠ      ᠪᠦᠭᠦ ᠤᠯᠤᠰ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠤᠬᠠᠢ ᠶᠢᠨ ᠲᠠᠯᠠᠪᠤᠷ ᠤᠨ ᠬᠤᠷᠠᠯ ᠢ ᠴᠢᠨᠠᠷ ᠰᠠᠶᠢᠲᠠᠢ ᠳᠠᠭᠠᠭᠠᠴᠢᠯᠠᠨ ᠡᠷᠭᠢᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠲᠤᠯᠤᠭᠠᠨ ᠶᠡᠭᠡ ᠳᠠᠶᠢᠯᠠᠯᠳᠤᠭᠠᠨ︾  ᠢ ᠤᠬᠠᠭᠠᠯᠠᠵᠤ ᠡᠬᠢᠯᠡᠭᠦᠯᠦᠭᠡᠳ᠂ 1045.3 ᠲᠦᠮᠡᠨ ᠮᠦ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 3.6 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠤᠨ᠂ 86 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠠᠢ᠃ 26.44 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠠᠮᠵᠢᠯᠲᠠ ᠲᠠᠢ ᠲᠡᠮᠡᠴᠡᠨ ᠣᠯᠵᠤ᠂ ᠲᠠᠩ ᠴᠣᠭᠴᠠ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠪᠣᠬᠢᠷᠳᠤᠯ ᠢ ᠰᠡᠷᠭᠡᠶᠢᠯᠡᠨ ᠵᠠᠰᠠᠬᠤ 102 ᠲᠥᠷᠥᠯ ᠵᠦᠢᠯ ᠢ ᠬᠡᠷᠡᠭᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠬᠢᠵᠢᠭᠦᠯᠪᠡ᠃      ᠪᠦᠭᠦ ᠠᠶᠢᠮᠠᠭ ᠤᠨ ᠬᠦᠴᠦᠨ ᠢ ᠳᠠᠶᠢᠴᠢᠯᠠᠨ ᠰᠢᠨ ᠵᠢᠩ ᠨᠡᠭᠦᠷᠡᠰᠦᠨ ᠠᠭᠤᠷᠬᠠᠢ ᠶᠢᠨ ᠠᠳᠡᠯ ᠤᠨ ᠠᠪᠤᠷᠠᠨ ᠲᠤᠰᠠᠯᠠᠬᠤ ᠪᠠ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠳᠡᠯ ᠤᠨ ᠰᠤᠷᠭᠠᠮᠵᠢ ᠶᠢ ᠭᠦᠨᠵᠡᠭᠡᠢ ᠲᠤᠩᠭᠠᠨ᠂ 15 ᠳᠦᠷᠦᠯ 107 ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ 2.75 ᠲᠦᠮᠡᠨ ᠠᠰᠠᠭᠤᠳᠠᠯ ᠤᠨ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃      ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠠᠶᠤᠯ ᠲᠦᠭᠰᠢᠭᠦᠷᠢ ᠶᠢᠨ ᠲᠠᠯᠳᠠ ᠭᠡᠮ ᠢ ᠢᠳᠡᠪᠬᠢᠲᠡᠢ ᠰᠡᠷᠭᠡᠶᠢᠯᠡᠵᠦ ᠠᠷᠢᠯᠭᠠᠨ᠂ ᠬᠢᠯᠢ ᠬᠢᠵᠠᠭᠠᠷ ᠣᠷᠣᠨ ᠤ ︽ᠬᠥᠨᠳᠡᠶᠢᠷᠡᠯ︾᠂ ︽ᠤᠰᠤ ᠴᠠᠭᠢᠯᠭᠠᠨ ᠵᠠᠮ ᠨᠡᠪᠲᠡᠷᠡᠯᠭᠡ ᠴᠢᠮᠡᠭᠡ ᠬᠤᠯᠪᠤᠭ᠎ᠠ︾ ᠰᠠᠭᠠᠳ ᠲᠠᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠠᠵᠢᠯ ᠰᠢᠨ᠎ᠡ ᠠᠬᠢᠴᠠ ᠲᠠᠢ ᠪᠣᠯᠵᠤ᠂ ︽ᠨᠠᠮ ᠵᠠᠰᠠᠭ ᠴᠡᠷᠢᠭ ᠴᠠᠭᠳᠠᠭ᠎ᠠ ᠠᠵᠤ ᠠᠬᠤᠶᠢᠯᠠᠯ ᠠᠷᠠᠳ︾  ᠤᠨ ᠬᠢᠯᠢ ᠬᠢᠵᠠᠭᠠᠷ ᠢ ᠰᠠᠬᠢᠨ ᠬᠠᠮᠠᠭᠠᠯᠠᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠪᠠ ᠡᠷᠡᠭᠦᠦ ᠶᠢᠨ ᠬᠡᠷᠡᠭ ᠡᠭᠦᠰᠬᠦ ᠨᠤᠷᠮ᠎ᠠ ᠶᠢ ᠵᠡᠷᠭᠡ ᠳᠤᠨᠢ ᠪᠠᠭᠤᠷᠠᠭᠤᠯᠤᠨ᠂ ᠬᠢᠯᠢ ᠬᠢᠵᠠᠭᠠᠷ ᠣᠷᠣᠨ ᠤ ᠠᠮᠤᠷ ᠲᠠᠶᠢᠪᠤᠩ ᠢ ᠪᠠᠲᠤᠳᠬᠠᠭᠰᠠᠨ ᠪᠠᠶᠢᠨ᠎ᠠ᠃      ᠰᠢᠨ᠎ᠡ ᠡᠨᠧᠷᠭᠢ ᠶᠢᠨ 21 ᠲᠥᠷᠥᠯ ᠵᠦᠢᠯ ᠢ ᠬᠡᠷᠡᠭᠵᠢᠭᠦᠯᠦᠨ᠂ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠭᠢᠯᠭᠠᠨ ᠤ ᠲᠥᠷᠥᠯ ᠵᠦᠢᠯ ᠤᠨ ᠲᠣᠣᠷ ᠲᠤ ᠨᠡᠶᠢᠯᠡᠭᠦᠯᠦᠨ ᠴᠠᠭᠢᠯᠭᠠᠨ ᠭᠠᠷᠭᠠᠬᠤ ᠶᠢ ᠪᠡᠶᠡᠯᠡᠭᠦᠯᠵᠦ᠂ ᠲᠡᠭᠷᠢ ᠡᠯᠡᠰᠦᠨ ᠤ ᠲᠣᠮᠣ ᠰᠠᠭᠤᠷᠢᠨ ᠭᠠᠵᠠᠷ ᠤᠨ ᠢᠨᠵᠧᠨᠧᠷᠢᠩ ᠢ ᠤᠷᠤᠭᠰᠢᠲᠠᠢ ᠡᠬᠢᠯᠡᠭᠦᠯᠦᠭᠡᠳ᠂ ᠪᠦᠭᠦ ᠠᠶᠢᠮᠠᠭ ᠤᠨ ᠪᠠᠶᠢᠭᠤᠯᠤᠭᠰᠠᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠮᠵᠢᠶ᠎ᠡ 568 ᠲᠦᠮᠡᠨ ᠺᠢᠯᠣᠸᠠᠲ ᠲᠤ ᠬᠦᠷᠴᠦ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠬᠤᠶᠠᠷ ᠳᠠᠭᠢᠨ ᠨᠡᠮᠡᠭᠳᠡᠪᠡ᠃ ᠠᠩᠬᠠᠳᠠᠭᠴᠢ ᠵᠤᠷᠪᠤᠰ ᠣᠨᠴᠠ ᠥᠨᠳᠥᠷ ᠬᠦᠴᠦᠳᠡᠯᠲᠦ ᠴᠡᠪᠡᠷ ᠴᠠᠭᠢᠯᠭᠠᠨ ᠬᠦᠴᠦᠨ ᠤ ᠭᠠᠳᠠᠭᠰᠢ ᠬᠦᠷᠭᠡᠬᠦ ᠱᠤᠭᠤᠮ ᠢ ᠪᠠᠶᠢᠭᠤᠯᠤᠨ ᠳᠠᠭᠤᠰᠬᠠᠵᠤ ᠲᠣᠣᠷ ᠲᠤ ᠨᠡᠶᠢᠯᠡᠭᠦᠯᠦᠭᠡᠳ᠂ ᠲᠣᠨᠤᠭ ᠲᠥᠬᠦᠭᠡᠷᠦᠮᠵᠢ ᠦᠢᠯᠡᠳᠬᠦ᠂ ᠴᠡᠪᠡᠷ ᠠᠯᠺᠤᠣᠯ ᠦᠢᠯᠡᠳᠬᠦ᠂ ᠰᠠᠯᠬᠢ ᠨᠠᠷᠠᠨ ᠤ ᠡᠨᠧᠷᠭᠢ ᠶᠢᠨ ᠤᠰᠤᠲᠥ᠋ᠷᠥᠭᠴᠢ ᠰᠢᠪᠲᠦᠷ ᠦᠢᠯᠡᠳᠬᠦ ᠵᠡᠷᠭᠡ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠮᠠᠨ ᠤ ᠠᠶᠢᠮᠠᠭ ᠲᠤ ᠨᠤᠲᠤᠭᠰᠢᠭᠤᠯᠪᠠ᠃      ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ ᠲᠡᠮᠡᠭᠡᠨ ᠰᠦ ᠶᠢ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠂ ᠠᠯᠠᠱᠠ ᠶᠢᠨ ᠲᠦᠮᠡᠨ ᠲᠡᠮᠡᠭᠡᠨ ᠤ ᠨᠠᠭᠠᠳᠤᠮ ᠤᠨ ᠬᠤᠷᠠᠯ ᠢ ᠠᠮᠵᠢᠯᠲᠠ ᠲᠠᠢ ᠡᠷᠭᠢᠯᠡᠵᠦ᠂ ᠲᠡᠮᠡᠭᠡᠨ ᠰᠦ ᠶᠢᠨ ᠭᠠᠷᠤᠯᠲᠠ ᠲᠡᠦᠬᠡ ᠶᠢᠨ ᠬᠠᠮᠤᠭ ᠥᠨᠳᠥᠷ ᠬᠡᠮᠵᠢᠶᠡᠨ ᠳᠤ ᠭᠦᠷᠪᠡ᠃ ᠡᠯᠡᠰᠦᠨ ᠤ ᠴᠠᠭᠠᠨ ᠭᠤᠶᠣᠣ ᠨᠢ ᠤᠯᠤᠰ ᠤᠨ ᠢᠳᠡᠭᠡᠨ ᠪᠠ ᠡᠮ ᠤᠨ ᠵᠦᠢᠯ ᠤᠨ ᠠᠳᠠᠯᠢ ᠢᠷᠡᠯᠲᠡ ᠶᠢᠨ ᠭᠠᠷᠴᠠᠭ ᠲᠤ ᠣᠷᠣᠵᠤ᠂ ᠳ᠋ᠦᠩ ᠧ ᠧ ᠵᠢᠶᠣᠣ ᠺᠤᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠲᠣᠬᠢᠷᠠᠭᠠᠳ᠂ ᠣᠨᠴᠠᠯᠢᠭᠲᠤ ᠠᠵᠤ ᠦᠢᠯᠡᠰ ᠤᠨ ᠬᠡᠪᠴᠢᠶᠡᠵᠢᠭᠰᠡᠨ ᠦᠵᠦᠭᠦᠷᠵᠢᠭᠰᠡᠨ ᠴᠢᠭᠯᠡᠯ ᠲᠡᠶᠢᠰᠢ ᠤᠷᠤᠭᠰᠢᠯᠠᠪᠠ᠃ .      ᠴᠡᠭᠡ ᠪᠣᠭᠤᠮᠲᠠ ᠶᠢᠨ ᠴᠢᠳᠠᠪᠬᠢ ᠶᠢ ᠥᠷᠭᠡᠳᠬᠡᠨ ᠥᠭᠡᠷᠡᠴᠢᠯᠡᠬᠦ᠂ ᠣᠶᠤᠨᠲᠤ ᠪᠣᠭᠤᠮᠲᠠ ᠪᠠᠷ ᠥᠩᠭᠡᠷᠡᠬᠦ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠶᠠᠪᠤᠭᠳᠠᠵᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 1900 ᠲᠦᠮᠡᠨ ᠲᠣᠨ ᠢ ᠳᠠᠪᠠᠨ᠂ ᠡᠳᠦᠷ ᠤᠨ ᠣᠷᠣᠭᠤᠯᠤᠭᠰᠠᠨ ᠬᠡᠮᠵᠢᠶ᠎ᠡ 21 ᠲᠦᠮᠡᠨ ᠲᠣᠨ ᠢ ᠳᠠᠪᠠᠵᠤ᠂ ᠪᠣᠭᠤᠮᠲᠠ ᠨᠡᠭᠡᠭᠡᠭᠰᠡᠨ ᠠᠴᠠ ᠨᠠᠭᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃       ᠭᠤᠷᠪᠠ᠂ ︽ᠳᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠱᠠᠭᠠᠷᠳᠠᠯᠭ᠎ᠠ ᠠᠮᠵᠢᠯᠲᠠ ᠪᠦᠲᠦᠮᠵᠢ ᠣᠯᠪᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠡᠬᠦ ᠡᠨᠡ ᠬᠦ ᠭᠤᠣᠯ ᠱᠤᠭᠤᠮ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ ᠳᠤ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠵᠢᠯ ᠤᠨ ᠬᠤᠪᠢᠶᠠᠷᠢᠯᠠᠯ ᠤᠨ ᠲᠥᠰᠥᠯ ᠢ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠭᠦ ᠠᠶᠢᠮᠠᠭ ᠢ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠦᠨ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠢᠳᠡᠪᠬᠢᠲᠡᠢ ᠡᠭᠦᠳᠴᠦ᠂ ᠡᠯ᠎ᠡ ᠵᠦᠢᠯ ᠤᠨ ᠠᠵᠢᠯ ᠢ ᠶᠠᠭ ᠪᠦᠲᠦᠮᠵᠢᠲᠡᠢ ᠥᠷᠨᠢᠭᠦᠯᠵᠦ ᠪᠠᠶᠢᠨ᠎ᠠ᠃      ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ︽ᠵᠢᠷᠭᠤᠭᠠᠨ ᠥᠭᠦᠯᠡᠪᠦᠷᠢ︾  ᠳᠠᠬᠢ ᠪᠣᠳᠠᠲᠤ ᠬᠡᠷᠡᠭ ᠶᠣᠰᠣ ᠤᠴᠢᠷ ᠪᠣᠯᠣᠨ ᠠᠷᠠᠳ ᠲᠤ ᠠᠰᠢᠭ ᠬᠦᠷᠲᠡᠭᠡᠬᠦ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠠᠴᠢ ᠲᠤᠰᠠ ᠶᠢ ᠣᠶᠢᠯᠠᠭᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠢᠲᠡᠭᠡᠯ ᠵᠣᠷᠢᠭ ᠨᠡᠩ ᠪᠠᠲᠤᠵᠢᠪᠠ᠃      ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠢ ᠬᠡᠷᠡᠭᠯᠡᠬᠦ ᠶᠢ ᠶᠡᠬᠡᠪᠡᠷ ᠳᠡᠯᠭᠡᠷᠡᠭᠦᠯᠦᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠤᠯᠤᠰ ᠤᠨ ᠨᠡᠶᠢᠲᠡᠯᠢᠭ ᠬᠡᠯᠡᠨ ᠤ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠦᠭᠦ ᠠᠶᠢᠮᠠᠭ ᠤᠨ ᠤᠤᠯ ᠤᠨ ᠦᠨᠳᠦᠰᠦᠲᠡᠨ ᠤ ᠭᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠤᠶ ᠪᠦᠬᠦᠢ ᠣᠨ ᠤ ᠪᠦᠭᠦ ᠬᠢᠴᠢᠶᠡᠯ ᠳᠦᠷᠦᠯ ᠳᠤ ᠤᠯᠤᠰ ᠤᠨ ᠨᠡᠶᠢᠳᠡᠮ ᠬᠡᠷᠡᠭᠯᠡᠬᠦ ᠨᠡᠶᠢᠲᠡᠯᠢᠭ ᠬᠡᠯᠡᠨ ᠤ ᠵᠢᠭᠠᠨ ᠰᠤᠷᠭᠠᠯᠲᠠ ᠬᠢᠬᠦ ᠶᠢ ᠪᠡᠶᠡᠯᠡᠭᠦᠯᠦᠨ᠂ ᠠᠯᠪᠠᠲᠠᠨ ᠤ ᠨᠡᠶᠢᠳᠡᠮ ᠬᠡᠷᠡᠭᠯᠡᠬᠦ ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠶᠢ ᠪᠦᠭᠦᠨ ᠢ ᠭᠤᠷᠪᠠᠳᠤᠭᠠᠷ ᠳᠡᠰ ᠠᠴᠠ ᠳᠡᠭᠡᠭᠰᠢ ᠳᠤ ᠬᠦᠷᠭᠡᠭᠰᠡᠨ ᠪᠠᠶᠢᠨ᠎ᠠ᠃       ᠳᠥᠷᠪᠡ᠂ ᠠᠵᠤ ᠠᠬᠤᠢ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠪᠡ      ᠲᠥᠷᠥᠯ ᠵᠦᠢᠯ ᠢ ᠳᠠᠳᠠᠨ ᠪᠡᠯᠡ ᠣᠷᠣᠭᠤᠯᠤᠯᠲᠠ ᠶᠢ ᠥᠷᠭᠡᠳᠬᠡᠬᠦ ᠶᠢ ᠪᠦᠭᠦ ᠬᠦᠴᠦᠨ ᠢᠶᠠᠷ ᠠᠳᠬᠤᠨ᠂ 127 ᠭᠤᠣᠯᠳᠠᠯᠭ᠎ᠠ ᠲᠠᠢ ᠲᠥᠷᠥᠯ ᠵᠦᠢᠯ ᠤᠨ 359 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ 43 ᠬᠡᠷᠡᠭᠵᠢᠭᠦᠯᠦᠨ᠂ ᠪᠦᠸᠧ ᠶᠤᠸᠠᠨ ᠪᠠᠶᠢᠭᠠᠯᠢ ᠶᠢᠨ ᠬᠤᠵᠢᠷ᠂ ᠬᠤ᠋ ᠮᠧᠩ ᠰᠢᠨ᠎ᠡ ᠮᠠᠲ᠋ᠧᠷᠢᠶᠠᠯ ᠭᠡᠬᠦ ᠵᠠᠭᠤᠨ ᠳ᠋ᠦᠩᠰᠢᠭᠤᠷ ᠲᠥᠭᠦᠷᠢᠭ ᠤᠨ ᠬᠤᠶᠠᠷ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 14% ᠣᠷᠴᠢᠮ ᠨᠡᠮᠡᠭᠳᠡᠭᠦᠯᠦᠭᠰᠡᠨ ᠪᠠᠶᠢᠨ᠎ᠠ᠃      ᠠᠷᠠᠯᠵᠢᠶᠠᠴᠢᠨ ᠤᠷᠢᠵᠤ ᠪᠡᠯᠡ ᠳᠠᠳᠠᠨ ᠣᠷᠣᠭᠤᠯᠬᠤ ᠶᠢ ᠨᠠᠷᠢᠯᠢᠭ ᠣᠨᠣᠴᠠᠲᠠᠢ ᠪᠠᠷ ᠥᠷᠨᠢᠭᠦᠯᠵᠦ᠂ ᠴᠢᠬᠤᠯᠠ ᠶᠡᠭᠡ ᠠᠵᠤ ᠦᠢᠯᠡᠰ ᠤᠨ 68 ᠲᠥᠷᠥᠯ ᠵᠦᠢᠯ ᠳᠤ ᠭᠡᠷ᠎ᠡ ᠲᠣᠭᠲᠠᠨ᠂ 210 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠭᠰᠠᠨ ᠪᠥᠭᠡᠳ 33 ᠲᠥᠷᠥᠯ ᠵᠦᠢᠯ ᠨᠢ ᠲᠣᠰ ᠵᠢᠯ ᠳᠡᠭᠡᠨ ᠭᠡᠷ᠎ᠡ ᠲᠣᠭᠲᠠᠵᠤ᠂ ᠲᠣᠰ ᠵᠢᠯ ᠳᠡᠭᠡᠨ ᠠᠵᠢᠯ ᠢᠶᠠᠨ ᠡᠬᠢᠯᠡᠭᠦᠯᠵᠡᠢ᠃      ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠢᠱᠢᠯᠲᠡ ᠪᠠᠷ ᠪᠦᠭᠦ ᠠᠶᠢᠮᠠᠭ ᠤᠨ ᠬᠦᠷᠢᠶ᠎ᠡ ᠬᠡᠪᠴᠢᠶ᠎ᠡ ᠪᠦᠬᠦᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 3% ᠣᠷᠴᠢᠮ ᠢᠶᠠᠷ ᠨᠡᠮᠡᠭᠳᠡᠵᠦ᠂ ᠤᠯᠤᠰ ᠤᠨ ᠲᠠᠰ ᠤᠨ ᠲᠤᠰᠬᠠᠢ ᠨᠠᠷᠢᠯᠢᠭ ᠤᠨᠴᠠᠭᠠᠢ ᠰᠢᠨ᠎ᠡ ᠮᠠᠶ᠋ᠢᠭ ᠤᠨ ︽ᠵᠢᠵᠢᠭ ᠠᠪᠤᠷᠭᠤ︾ ᠠᠵᠤ ᠠᠬᠤᠶᠢᠯᠠᠯ ︽ᠲᠡᠭ︾  ᠤᠨ ᠰᠢᠪᠲᠤᠯᠤᠯᠲᠠ ᠶᠢ ᠪᠡᠶᠡᠯᠡᠭᠦᠯᠪᠡ᠃      ᠡᠵᠡᠩᠨᠡᠯᠲᠡ ᠶᠢᠨ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠬᠡᠭᠰᠡᠨ ᠨᠣᠷᠮ᠎ᠠ 99.9% ᠳᠤ ᠬᠦᠷᠴᠦ᠂ ᠨᠢᠭᠡ ᠤᠳᠠᠭ᠎ᠠ ᠪᠠᠷ ᠭᠦᠢᠴᠡᠳᠬᠡᠬᠦ ᠵᠦᠢᠯᠡᠰ ᠤᠨ ᠬᠠᠷᠢᠴᠠᠯ 100% ᠳᠤ ᠬᠦᠷᠴᠦ᠂ ᠮᠠᠨ ᠤ ᠠᠶᠢᠮᠠᠭ ᠪᠦᠭᠦ ᠤᠯᠤᠰ ᠤᠨ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠤᠨ ᠦᠨᠡᠯᠡᠨ ᠵᠢᠱᠢᠯᠲᠡ ᠶᠢᠨ ︽A +︾ ᠲᠠᠰ ᠢᠶᠠᠷ ᠦᠨᠡᠯᠡᠭᠳᠡᠭᠰᠡᠨ ᠪᠦᠭᠦ ᠣᠷᠣᠨ ᠤ ᠴᠣᠷ ᠤᠨ ᠭᠠᠭᠴᠠ ᠠᠶᠢᠮᠠᠭ ᠬᠤᠲᠠ ᠪᠣᠯᠵᠠᠢ᠃      ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠶᠠᠨᠬᠤᠳᠳᠤᠭ ᠠᠴᠠ ᠪᠠᠶᠠᠨᠬᠤᠲᠠ ᠬᠦᠷᠬᠦ ᠲᠦᠷᠭᠡᠨ ᠤ ᠵᠠᠰᠠᠮᠠᠯ ᠵᠠᠮ ᠤᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠬᠤᠸ ᠶᠠ 500 ᠺᠢᠯᠣᠸᠠᠲ ᠤᠨ ᠴᠠᠭᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠠᠵᠢᠯ ᠳᠠᠭᠤᠰᠤᠨ ᠴᠠᠭᠢᠯᠭᠠᠨ ᠨᠡᠪᠲᠡᠷᠡᠵᠦ᠂ ᠬᠥᠭᠵᠢᠯᠲᠡ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠪᠡ᠃      ᠠᠵᠤ ᠠᠬᠤᠢ ᠶᠢ ᠲᠣᠭᠲᠠᠪᠤᠷᠢᠵᠢᠭᠤᠯᠬᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠪᠦᠭᠦ ᠵᠢᠯ ᠳᠤ 1.8 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠤᠴᠠᠭᠠᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠥᠭᠬᠦ᠂ ᠭᠠᠶᠢᠯᠢ ᠶᠢᠨ ᠨᠣᠷᠮ᠎ᠠ ᠶᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ 6659 ᠲᠦᠮᠡᠨ ᠲᠥᠭᠦᠷᠢᠭ ᠬᠥᠩᠭᠡᠯᠡᠵᠦ᠂ ︽ᠳᠥᠷᠪᠡ ᠶᠢ ᠳᠡᠭᠡᠭᠰᠢᠯᠡᠭᠦᠯᠦᠭᠰᠡᠨ︾ ᠠᠵᠤ ᠠᠬᠤᠶᠢᠯᠠᠯ 43 ᠨᠡᠮᠡᠭᠳᠡᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 8494 ᠨᠡᠮᠡᠭᠳᠡᠪᠡ᠃      ᠪᠦᠭᠦ ᠤᠯᠤᠰ ᠤᠨ ᠲᠡᠷᠭᠡ ᠪᠠᠨ ᠵᠢᠯᠤᠭᠤᠳᠴᠤ ᠠᠶᠠᠯᠠᠨ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ᠲᠣᠣᠷᠠᠢ ᠶᠢᠨ ᠤᠢ᠂ ᠪᠠᠭᠠᠲᠤᠷᠴᠤᠳ ᠤᠨ ᠴᠤᠭᠯᠠᠭᠠᠨ᠂ ᠡᠯᠡᠰᠦ ᠮᠠᠩᠬᠠᠨ ᠤ ᠠᠶᠠᠯᠠᠯ ᠤᠨ ᠭᠤᠷᠪᠠᠨ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ 800 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ ᠵᠣᠴᠢᠯᠠᠨ᠂ 84 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠲᠣᠰ ᠲᠣᠰ 136% ᠪᠠ 158% ᠪᠠᠷ ᠨᠡᠮᠡᠭᠳᠡᠭᠰᠡᠨ ᠪᠠᠶᠢᠨ᠎ᠠ᠃      ᠲᠠᠷᠢᠮᠠᠯ ᠤᠨ ᠲᠠᠯᠠᠪᠠᠶ ᠶᠢ 50 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠮᠠᠯ ᠤᠨ ᠲᠤᠭ᠎ᠠ ᠲᠣᠯᠣᠭᠠᠢ 113 ᠲᠦᠮᠡ ᠳᠤ ᠬᠦᠷᠴᠡᠢ᠃       ᠲᠠᠪᠤ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ      ᠠᠷᠠᠳ ᠤᠨ ᠠᠮᠢᠳᠤᠷᠠᠯ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 60% ᠣᠷᠴᠢᠮ ᠢ ᠡᠵᠡᠯᠡᠭᠦᠯᠵᠦ᠂ ᠬᠤᠲᠠ ᠪᠠᠯᠭᠠᠰᠤ ᠶᠢᠨ 4500 ᠬᠥᠮᠥᠨ ᠳᠤ ᠰᠢᠨ᠎ᠡ ᠪᠠᠷ ᠠᠵᠢᠯ ᠣᠯᠭᠤᠨ᠂ 3542 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠣᠨ ᠤ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃      ᠪᠦᠭᠦ ᠠᠶᠢᠮᠠᠭ ᠢᠶᠠᠷ ᠢᠶᠠᠨ ᠨᠢᠭᠡ ᠴᠣᠭᠴᠠᠵᠢᠭᠤᠯᠤᠭᠰᠠᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢ ᠫᠠᠶᠢᠰᠠ ᠡᠯᠭᠦᠨ ᠪᠠᠶᠢᠭᠤᠯᠵᠤ᠂ ᠨᠠᠷᠠᠲᠤ ᠬᠠᠮᠢᠶᠠᠷᠤᠯᠲᠠ ᠶᠢᠨ ᠪᠦᠯᠭᠦᠮ ᠪᠠ ᠬᠢᠴᠢᠶᠡᠯ ᠳᠦᠷᠦᠯ ᠤᠨ ᠨᠠᠷᠠᠲᠤ ᠪᠠᠭᠰᠢ ᠶᠢ ᠣᠷᠣᠭᠤᠯᠤᠨ ᠠᠪᠴᠢᠷᠠᠪᠠ᠃ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 8 ᠶᠢ ᠪᠠᠶᠢᠭᠤᠯᠵᠤ ᠥᠭᠡᠷᠡᠴᠢᠯᠡᠨ᠂ ᠠᠯᠠᠱᠠ ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠪᠠᠶᠢᠭᠤᠯᠪᠠ᠃      ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ ᠲᠠᠪᠴᠠᠩ ᠤᠨ ᠭᠡᠯᠪᠡᠷᠢ ᠶᠢᠨ ᠡᠮᠨᠡᠯᠭᠡ ᠶᠢᠨ ᠬᠤᠷᠢᠶ᠎ᠠ 4 ᠶᠢ ᠪᠠᠶᠢᠭᠤᠯᠤᠨ᠂ ᠭᠠᠷᠠᠭ ᠪᠦᠷᠢ ᠴᠥᠮ ᠲᠣᠮᠣ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠮᠠᠨ ᠤ ᠠᠶᠢᠮᠠᠭ ᠲᠤ ᠢᠷᠡᠵᠦ ᠡᠮᠴᠢᠯᠡᠭᠡᠳ᠂ ᠭᠥᠯᠢᠶᠡᠨ ᠠᠪᠴᠤ ᠡᠮᠨᠡᠭᠰᠡᠨ ᠬᠡᠮᠵᠢᠶ᠎ᠡ ᠪᠠ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠨᠣᠷᠮ᠎ᠠ ᠲᠣᠰ ᠲᠣᠰ 14%᠂ 22% ᠢᠶᠠᠷ ᠨᠡᠮᠡᠭᠳᠡᠵᠦ᠂ ᠨᠢᠩᠰᠢᠶᠠ ᠯᠤᠭ᠎ᠠ ᠡᠮᠴᠢᠯᠡᠭᠡᠨ ᠤ ᠳᠠᠭᠠᠳᠬᠠᠯ ᠢ ᠮᠤᠵᠢ ᠠᠯᠤᠰᠯᠠᠨ ᠣᠨᠳᠣᠣ ᠭᠠᠵᠠᠷ ᠲᠡᠰᠦᠯᠦᠨ ᠪᠤᠳᠤᠬᠤ ᠶᠢ ᠪᠡᠶᠡᠯᠡᠭᠦᠯᠪᠡ᠃ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠴᠢᠨᠠᠷᠲᠠᠢ ᠡᠪᠡᠳᠴᠢᠨ ᠡᠮᠭᠡᠭ ᠤᠨ ᠶᠡᠷᠦᠩᠬᠡᠶᠢᠯᠡᠭᠰᠡᠨ ᠠᠰᠠᠷ ᠵᠡᠷᠭᠡ 13 ᠡᠮᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠨᠢᠭᠲᠠ ᠭᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ 3 ᠶᠢ ᠪᠠᠶᠢᠭᠤᠯᠵᠠᠢ᠃ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠲᠠᠩᠰᠠ ᠲᠠᠶᠢᠯᠬᠤ ᠬᠢᠷᠢ ᠲᠦᠪᠰᠢᠨ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠳᠡᠭᠡᠭᠰᠢᠯᠡᠯᠲᠡ ᠲᠠᠢ ᠪᠣᠯᠪᠠ᠃      ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠡᠯᠭᠦᠨ ᠠᠮᠢᠳᠤᠷᠠᠬᠤ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠰᠦᠪᠡᠭᠴᠢᠯᠡᠨ ᠬᠥᠭᠵᠢᠭᠦᠯᠵᠦ᠂ ︽ᠠᠯᠠᠱᠠ ᠳᠤ ᠪᠤᠶᠠᠨ ᠡᠳ᠋ᠯᠡᠬᠦ︾ ᠨᠠᠰᠤᠵᠢᠯ ᠤᠨ ᠠᠰᠠᠷᠠᠮᠵᠢ ᠶᠢᠨ ᠨᠠᠷᠠᠲᠤ ᠲᠥᠷᠥᠯ ᠲᠡᠮᠳᠡᠭᠲᠦ ᠶᠢ ᠪᠤᠶ ᠪᠤᠯᠭᠠᠵᠦ ᠪᠠᠶᠢᠨ᠎ᠠ᠃      ᠠᠶᠢᠮᠠᠭ ᠤᠨ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠤᠨ ᠠᠵᠢᠯ ᠢ ᠪᠦᠭᠦ ᠲᠠᠯ᠎ᠠ ᠪᠠᠷ ᠥᠷᠨᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠭᠦ ᠣᠷᠣᠨ ᠤ ᠬᠠᠮᠤᠭ ᠥᠨᠳᠥᠷ ᠲᠤ ᠭᠦᠷᠪᠡ᠃      ᠬᠠᠭᠤᠴᠢᠨ ᠪᠠ ᠬᠠᠭᠤᠴᠢᠷᠠᠭᠰᠠᠨ 11 ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠤᠨ 840 ᠭᠡᠷ ᠢ ᠥᠭᠡᠷᠡᠴᠢᠯᠡᠨ᠂ ᠬᠤᠳᠠ ᠪᠠᠯᠭᠠᠰᠤᠨ ᠤ 8 ᠵᠠᠮ᠂ 22.2 ᠺᠢᠯᠣᠮᠧᠲᠷ ᠤᠨ ᠬᠠᠭᠤᠴᠢᠨ ᠬᠤᠭᠤᠯᠠᠢ ᠶᠢᠨ ᠲᠣᠣᠷ ᠢ ᠰᠢᠨᠡᠳᠬᠡᠵᠦ᠂ ᠬᠤᠳᠠ ᠪᠠᠯᠭᠠᠰᠤᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠴᠡᠨᠡᠭᠯᠡᠬᠦ ᠪᠠᠭᠠᠨ᠎ᠠ 115 ᠶᠢ ᠰᠢᠨ᠎ᠡ ᠪᠠᠷ ᠪᠠᠶᠢᠭᠤᠯᠪᠠ᠃ ᠤᠰᠤ᠂ ᠴᠠᠭᠢᠯᠭᠠᠨ᠂ ᠵᠠᠮ᠂ ᠨᠡᠪᠲᠡᠷᠡᠯᠭᠡ᠂ ᠴᠢᠮᠡᠭᠡ ᠬᠤᠯᠪᠤᠭ᠎ᠠ ᠵᠡᠷᠭᠡ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ 17 ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 47.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 100 ᠲᠦᠷᠦᠯ ᠵᠦᠢᠯ ᠢ ᠬᠡᠷᠡᠭᠵᠢᠭᠦᠯᠵᠦ᠂ ᠪᠡᠯᠡ ᠮᠥᠩᠭᠦ 1.18 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃       ᠵᠢᠷᠭᠤᠭ᠎ᠠ᠂ ᠨᠠᠮ ᠤᠨ ᠪᠠᠶᠢᠭᠤᠯᠤᠯᠲᠠ ᠶᠢ ᠠᠬᠢᠭᠤᠯᠪᠠ      ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠨ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ ᠪᠠᠷ ᠢᠯᠡ ᠲᠣᠳᠣ ᠤᠳᠤᠷᠢᠳᠤᠮᠵᠢ ᠪᠠᠨ ᠪᠤᠯᠭᠠᠵᠤ᠂ ᠲᠦᠷᠦᠭᠦᠦ ᠪᠦᠯᠦᠭ ᠤᠨ 24 ᠨᠡᠷ᠎ᠡ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾  ᠤᠨ 21 ᠬᠥᠮᠥᠨ ᠢ ᠨᠢ ᠳᠡᠪᠰᠢᠭᠦᠯᠦᠨ ᠬᠦᠨᠳᠦ ᠪᠠᠷ ᠬᠡᠷᠡᠭᠯᠡᠭᠰᠡᠨ ᠪᠥᠭᠡᠳ ᠪᠦᠯᠦᠭ ᠤᠳᠠᠭ᠎ᠠ ᠬᠤᠪᠢᠶᠠᠨ ᠺᠠᠳ᠋ᠷᠴᠤᠳ ᠢ ᠵᠣᠬᠢᠶᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ ᠣᠷᠣᠨ ᠳᠤ ᠣᠴᠢᠭᠤᠯᠤᠨ ᠲᠣᠭᠤᠷᠢᠨ ᠪᠠᠶᠢᠴᠠᠭᠠᠯᠲᠠ ᠭᠢᠯᠭᠡᠵᠦ᠂ ᠺᠠᠳ᠋ᠷᠴᠤᠳ ᠤᠨ ᠬᠥᠭᠵᠢᠯᠲᠡ ᠶᠢ ᠡᠷᠢᠯᠬᠢᠯᠡᠨ ᠬᠥᠭᠵᠢᠯᠲᠡ ᠶᠢ ᠠᠳᠬᠤᠬᠤ ᠤᠬᠠᠮᠰᠠᠷ ᠢ ᠳᠡᠭᠡᠭᠰᠢᠯᠡᠭᠦᠯᠪᠡ᠃       ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠺᠠᠳ᠋ᠷᠴᠤᠳ ᠢ ᠵᠣᠷᠢᠭᠵᠢᠭᠤᠯᠤᠨ᠂ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠪᠣᠳᠠᠲᠠᠢ ᠠᠷᠭ᠎ᠠ ᠬᠡᠮᠵᠢᠶ᠎ᠡ ᠪᠤᠯᠭᠠᠵᠤ᠂ ︽ᠪᠣᠯᠬᠢ ᠲᠤᠷᠤᠢ ᠠᠯᠵᠠᠭᠤ ᠬᠤᠶᠢᠷᠭᠤ ᠰᠠᠯᠠᠩ ᠵᠠᠳᠠᠭᠠᠢ᠂ ᠤᠳᠠᠭᠠᠯᠢᠭ ᠪᠦᠳᠦᠭᠦᠯᠢᠭ ᠬᠤᠭᠤᠰᠤᠨ︾ ᠵᠡᠷᠭᠡ ᠰᠤᠷᠲᠠᠯ ᠤᠨ ᠠᠷᠬᠠᠭ ᠭᠡᠮ ᠢ ᠶᠡᠬᠡᠪᠡᠷ ᠴᠡᠭᠴᠡᠯᠡᠨ ᠵᠠᠰᠠᠵᠤ᠂ ᠺᠠᠳ᠋ᠷ ᠤᠨ ᠡᠩᠨᠡᠭᠡᠨ ᠤ ᠠᠵᠢᠯ ᠬᠢᠵᠦ ᠦᠢᠯᠡᠰ ᠪᠣᠰᠬᠠᠬᠤ ᠴᠤᠭ ᠵᠢᠪᠬᠤᠭ᠎ᠠ ᠶᠢ ᠨᠡᠩ ᠲᠡᠭᠦᠯᠳᠡᠷ ᠪᠣᠯᠭᠠᠪᠠ᠃      ᠦᠨᠳᠦᠰᠦᠨ ᠱᠠᠲᠤ ᠶᠢ ᠶᠡᠬᠡᠪᠡᠷ ᠠᠳᠬᠤᠬᠤ ᠶᠢ ᠪᠠᠷᠢᠮᠲᠠᠯᠠᠨ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ ︾ ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠦᠷᠢᠶ᠎ᠡ ᠴᠠᠷᠠᠭ᠎ᠠ ᠬᠤᠪᠢᠶᠠᠨ᠂ ︽ᠢᠯᠡ ᠪᠣᠯᠭᠠᠨ ᠨᠡᠶᠢᠲᠡᠯᠡᠵᠦ ᠠᠳᠠᠯᠢᠳᠬᠠᠬᠤ︾ ᠠᠵᠢᠯᠯᠠᠭ᠎ᠠ ᠶᠢ ᠥᠷᠨᠢᠭᠦᠯᠦᠭᠡᠳ᠂ ᠪᠦᠭᠦ ᠠᠶᠢᠮᠠᠭ ᠤᠨ 200 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠪᠦᠭᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ ᠪᠣᠯᠪᠠ᠃      ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠨ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ 586 ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ 149 ᠬᠥᠮᠥᠨ ᠳᠤ ᠰᠢᠢᠳᠬᠡᠯ ᠥᠭᠴᠦ᠂ ︽ᠲᠦᠷᠪᠡᠨ ᠵᠦᠢᠯ ᠤᠨ ᠭᠡᠯᠪᠡᠷᠢ ᠪᠠᠶᠢᠳᠠᠯ︾  ᠢ ᠬᠡᠷᠡᠭᠯᠡᠨ 470 ᠺᠠᠳ᠋ᠷ ︵ᠤᠳᠠᠭ᠎ᠠ︶  ᠢ ᠰᠢᠭᠦᠮᠵᠢᠯᠡᠨ ᠰᠤᠷᠭᠠᠵᠤ ᠬᠠᠪᠰᠤᠷᠤᠨ ᠰᠢᠢᠳᠪᠦᠷᠢᠯᠡᠭᠡᠳ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠪᠠ᠃                  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号