ᠳᠥᠷᠪᠡᠳᠡᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠠᠶᠠᠷᠯᠠᠨ ᠪᠡᠯᠭᠡᠯᠡᠶ᠎ᠡ
ᠨᠡᠶᠢᠲᠡᠯᠡᠭᠰᠡᠨ ᠴᠠᠭ᠄
2024/3/11
           ᠡᠨᠡ ᠵᠢᠯ ᠤᠨ 1 ᠰᠠᠷ᠎ᠠ ᠶᠢᠨ 10 ᠤ ᠡᠳᠦᠷ ᠪᠣᠯ ᠳᠥᠷᠪᠡᠳᠡᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠪᠣᠯᠣᠨ᠎ᠠ᠃      ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠪᠣᠯ ᠤᠯᠤᠰ ᠤᠨ ᠲᠠᠰ ᠳᠠᠪᠬᠤᠷᠭ᠎ᠠ ᠠᠴᠠ ᠲᠤᠰᠬᠠᠶᠢᠯᠠᠨ ᠠᠷᠠᠳ ᠤᠨ ᠴᠠᠭᠳᠠᠭᠠᠨ ᠤ ᠡᠩᠨᠡᠭᠡᠨ ᠳᠤ ᠵᠣᠷᠢᠭᠤᠯᠤᠨ ᠲᠣᠭᠲᠠᠭᠠᠭᠰᠠᠨ ᠪᠠᠶᠠᠷ ᠤᠨ ᠡᠳᠦᠷ ᠪᠣᠯᠣᠨ᠎ᠠ᠃ 2020 ᠣᠨ ᠤ 7 ᠰᠠᠷ᠎ᠠ ᠶᠢᠨ 21 ᠤ ᠡᠳᠦᠷ᠂ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠭᠠᠷᠭᠠᠬᠤ ᠶᠢ ᠵᠥᠪᠰᠢᠶᠡᠷᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾ ᠶᠢ ᠨᠡᠶᠢᠲᠡᠯᠡᠵᠦ᠂ 2021 ᠣᠨ ᠠᠴᠠ ᠡᠬᠢᠯᠡᠨ ᠵᠢᠯ ᠪᠦᠷᠢ ᠶᠢᠨ 1 ᠰᠠᠷ᠎ᠠ ᠶᠢᠨ 10 ᠤ ᠡᠳᠦᠷ ᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ ᠪᠤᠯᠭᠠᠬᠤ ᠪᠠᠷ ᠵᠥᠪᠰᠢᠶᠡᠷᠡᠪᠡ᠃      ᠲᠤᠰ ᠪᠠᠶᠠᠷ ᠤᠨ ᠡᠳᠦᠷ ᠢ ᠲᠣᠭᠲᠠᠭᠠᠭᠰᠠᠨ ᠨᠢ ᠠᠷᠠᠳ ᠤᠨ ᠴᠠᠭᠳᠠᠭᠠᠨ ᠤ ᠡᠩᠨᠡᠭᠡᠨ ᠤ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠪᠠᠭᠠᠲᠤᠷᠯᠢᠭ ᠢᠶᠠᠷ ᠲᠡᠮᠡᠴᠡᠭᠰᠡᠨ ᠢ ᠭᠦᠢᠴᠡᠳ ᠨᠤᠲᠠᠯᠠᠵᠤ᠂ ᠢᠯᠡ ᠲᠣᠳᠣ ᠤᠯᠤᠰ ᠲᠥᠷᠥᠴᠢ ᠴᠢᠨᠠᠷ᠂ ᠥᠷᠭᠡᠨ ᠳᠡᠯᠭᠡᠷ ᠠᠷᠠᠳᠴᠢ ᠴᠢᠨᠠᠷ ᠪᠠ ᠴᠠᠭᠳᠠᠭᠠᠨ ᠤ ᠠᠵᠢᠯ ᠤᠨ ᠪᠡᠯᠭᠡ ᠲᠡᠮᠳᠡᠭᠲᠦ ᠴᠢᠨᠠᠷ ᠢ ᠬᠠᠷᠠᠭᠤᠯᠵᠠᠢ᠃ ᠠᠷᠠᠳ ᠤᠨ ᠴᠠᠭᠳᠠᠭ᠎ᠠ ᠶᠢᠨ ᠡᠩᠨᠡᠭᠡᠨ ᠤ ᠬᠤᠪᠢᠰᠬᠠᠯᠵᠢᠬᠤ ᠵᠢᠩᠬᠢᠨᠢᠴᠢᠯᠡᠬᠦ ᠲᠤᠰᠬᠠᠶᠢᠵᠢᠬᠤ ᠠᠵᠢᠯ ᠮᠡᠷᠭᠡᠵᠢᠬᠦ ᠪᠠᠶᠢᠭᠤᠯᠤᠯᠲᠠ ᠶᠢ ᠠᠬᠢᠭᠤᠯᠵᠤ᠂ ᠥᠷᠭᠡᠨ ᠤᠯᠠᠨ ᠠᠷᠠᠳ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠢᠷᠠᠭᠤ ᠠᠯᠳᠠᠷ ᠤᠨ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠪᠦᠭᠦ ᠴᠠᠭᠳᠠᠭ᠎ᠠ ᠶᠢᠨ ᠬᠢᠨ ᠪᠠᠲᠤ ᠴᠢᠩᠭ᠎ᠠ ᠬᠠᠷᠢᠭᠤᠴᠠᠯᠭᠠᠲᠤ ᠵᠣᠷᠢᠭ ᠰᠠᠨᠠᠭ᠎ᠠ ᠪᠠᠷ ᠠᠷᠠᠳ ᠲᠦᠮᠡᠨ ᠠᠴᠠ ᠳᠠᠭᠠᠭᠠᠯᠭᠠᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠵᠣᠷᠢᠭᠵᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃            
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号