︽ᠠᠷᠠᠳ ᠤᠨ ᠠᠮᠢᠳᠤᠷᠠᠯ ᠤᠨ ᠨᠠᠷᠢᠨ ᠳᠠᠩᠰᠠ︾᠎ ᠶᠢ  ︽ᠵᠣᠯ ᠵᠢᠷᠭᠠᠯ ᠤᠨ ᠳᠠᠩᠰᠠ︾ ᠪᠣᠯᠭᠠᠨ ᠬᠤᠪᠢᠷᠠᠭᠤᠯᠰᠤᠭᠠᠢ
ᠨᠡᠶᠢᠲᠡᠯᠡᠭᠰᠡᠨ ᠴᠠᠭ᠄
2024/3/12
        - ︽ᠵᠢᠷᠭᠤᠭᠠᠨ ᠢᠨᠵᠧᠨᠧᠷᠢᠩ︾᠎ ᠢ ᠪᠦᠭᠦ ᠬᠦᠴᠦᠨ ᠢᠶᠠᠷ ᠰᠠᠶᠢᠲᠤᠷ ᠠᠳᠬᠤᠬᠤ ᠲᠤᠬᠠᠢ ᠭᠤᠷᠪᠠᠨᠲᠠ ᠥᠭᠦᠯᠡᠬᠦ ᠨᠢ            ᠬᠠ ᠯᠢ ᠴᠢᠨ            ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠬᠠᠶᠢᠷ᠎ᠠ ᠬᠠᠯᠠᠮᠵᠢ ᠬᠦᠷᠭᠡᠬᠦ ᠢᠨᠵᠧᠨᠧᠷᠢᠩ ᠢ ᠰᠠᠶᠢᠲᠤᠷ ᠠᠳᠬᠤᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ ᠡᠨᠡ ᠨᠢ ᠳᠠᠷᠤᠢ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠲᠠᠰᠤᠷᠠᠯᠲᠠ ᠦᠭᠡᠢ ᠪᠣᠳᠠᠲᠠᠢ ᠠᠷᠭ᠎ᠠ ᠬᠡᠮᠵᠢᠶ᠎ᠡ ᠠᠪᠴᠤ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾᠎ ᠶᠢ ᠣᠯᠠᠨ ᠲᠦᠮᠡᠨ ᠤ ︽ᠵᠣᠯ ᠵᠢᠷᠭᠠᠯ ᠤᠨ ᠲᠠᠩᠰᠠ︾ ᠪᠤᠯᠭᠠᠬᠤ ᠪᠠᠷ ᠴᠢᠷᠮᠠᠶᠢᠬᠤ ᠶᠢ ᠱᠠᠭᠠᠷᠳᠠᠵᠤ ᠪᠠᠶᠢᠨ᠎ᠠ᠃       ︽ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ︾ ︽ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ ︽ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠣᠨᠣᠴᠠᠲᠠᠢ ᠰᠠᠬᠢᠨ᠎ᠠ︾᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠲᠠᠭᠢᠨ ᠳᠠᠪᠲᠠᠨ ᠴᠢᠬᠤᠯᠠᠴᠢᠯᠠᠭᠰᠠᠨ ᠴᠢᠬᠤᠯᠠ ᠱᠠᠭᠠᠷᠳᠠᠯᠭ᠎ᠠ ᠪᠣᠯᠣᠨ᠎ᠠ᠂ ᠪᠢᠳᠠ ᠰᠡᠳᠬᠢᠯ ᠲᠠᠯᠪᠢᠨ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠥᠪᠥᠷ ᠮᠣᠩᠭᠤᠯ ᠳᠤ ᠨᠡᠭᠦᠷᠡᠰᠦ ᠳᠤᠲᠠᠬᠤ ᠦᠭᠡᠢ᠂ ᠴᠠᠭᠢᠯᠭᠠᠨ ᠳᠤᠲᠠᠬᠤ ᠦᠭᠡᠢ᠂ ᠰᠢᠲᠠᠮᠠᠬᠠᠢ ᠬᠡᠢ ᠴᠤ ᠳᠤᠲᠠᠬᠤ ᠦᠭᠡᠢ᠂ ᠬᠠᠶᠢᠷ᠎ᠠ ᠬᠠᠯᠠᠮᠵᠢ ᠳᠤᠲᠠᠬᠤ ᠶᠠᠮᠠᠷ ᠴᠦ ᠰᠢᠯᠲᠠᠭᠠᠨ ᠦᠭᠡᠢ ᠶᠤᠮ᠃ ᠤᠯᠠᠨ ᠲᠦᠮᠡᠨ ᠤ ᠲᠤᠰᠬᠠᠯ ᠶᠡᠬᠡᠲᠡᠢ ᠳᠤᠯᠠᠭᠠᠯᠠᠭ᠎ᠠ ᠶᠢᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠪᠠᠷ ᠴᠢᠬᠤᠯᠠ ᠶᠠᠪᠤᠳᠠᠯ ᠪᠠᠴᠢᠮ ᠶᠠᠪᠤᠳᠠᠯ ᠪᠤᠯᠭᠠᠵᠤ᠂ ᠤᠯᠤᠰ ᠤᠨ ᠬᠤᠳᠠ ᠶᠢᠨ ᠬᠠᠮᠢᠶᠠᠷᠤᠯᠲᠠ ᠶᠢᠨ ᠲᠣᠣᠷ ᠤᠨ ᠥᠭᠡᠷᠡᠴᠢᠯᠡᠯᠲᠡ ᠶᠢ ᠠᠬᠢᠭᠤᠯᠬᠤ ᠠᠵᠠ ᠲᠣᠭᠢᠶᠠᠯ ᠢ ᠠᠮᠵᠢᠨ ᠢᠳᠡᠪᠬᠢᠲᠡᠢ ᠳᠡᠮᠵᠢᠯᠭᠡ ᠣᠯᠵᠤ᠂ ᠠᠷᠭ᠎ᠠ ᠪᠦᠭᠦᠨ ᠢ ᠰᠦᠪᠡᠭᠴᠢᠯᠡᠨ ᠣᠷᠣᠭᠤᠯᠤᠯᠲᠠ ᠪᠠᠨ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠯᠠᠭᠠᠯᠠᠭ᠎ᠠ ᠶᠢᠨ ᠠᠵᠤ ᠠᠬᠤᠶᠢᠯᠠᠯ ᠤᠨ ᠣᠷᠣᠬᠤ ᠶᠢ ᠵᠥᠪᠰᠢᠶᠡᠷᠡᠬᠦ᠂ ᠨᠥᠬᠦᠪᠦᠷᠢ ᠥᠭᠬᠦ᠂ ᠪᠤᠴᠠᠭᠠᠵᠤ ᠭᠠᠷᠭᠠᠬᠤ ᠵᠡᠷᠭᠡ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠦᠨ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ᠂ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠲᠠᠢ ᠤᠶᠠᠯᠳᠤᠭᠤᠯᠵᠤ᠂ ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ ᠰᠢᠨ᠎ᠡ ᠭᠡᠯᠪᠡᠷᠢ ᠶᠢᠨ ᠣᠶᠤᠨᠴᠢ ᠢᠯᠴᠢ ᠬᠠᠩᠭᠠᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠪᠦᠭᠦ ᠬᠦᠴᠦᠨ ᠢᠶᠠᠷ ᠳᠤᠯᠠᠭᠠᠯᠠᠭ᠎ᠠ ᠶᠢ ᠭᠦᠢᠴᠡᠳ ᠰᠠᠶᠢᠨ ᠬᠠᠩᠭᠠᠬᠤ ᠬᠡᠷᠡᠭᠲᠡᠢ᠃      ᠨᠠᠮ ᠵᠠᠰᠠᠭ ᠤᠨ ᠪᠠᠶᠢᠭᠤᠯᠭ᠎ᠠ ︽ᠭᠠᠮᠨᠠᠵᠤ ᠠᠮᠢᠳᠤᠷᠠᠬᠤ︾᠎ ᠶᠢᠨ ᠵᠣᠷᠢᠯᠭ᠎ᠠ ᠨᠢ ᠠᠷᠠᠳ ᠤᠯᠠᠨ ᠢ ︽ᠰᠠᠶᠢᠨ ᠠᠮᠢᠳᠤᠷᠠᠭᠤᠯᠬᠤ︾᠎ ᠶᠢᠨ ᠲᠥᠯᠥᠭᠡ ᠶᠤᠮ᠃ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ︽ᠪᠠᠭᠠᠰᠬᠠᠵᠤ︾ ᠪᠤᠯᠬᠤ ᠦᠭᠡᠢ ᠮᠥᠷᠲᠡᠭᠡᠨ ᠪᠠᠰᠠ ᠠᠵᠤ ᠠᠬᠤᠢ ᠶᠢᠨ ᠬᠥᠭᠵᠢᠯᠲᠡ ᠶᠢᠨ ᠳᠠᠭᠠᠤ ᠳᠤ ︽ᠥᠰᠬᠡᠬᠦ︾ ᠬᠡᠷᠡᠭᠲᠡᠢ᠃ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠲᠡᠭᠦᠨ ᠠᠴᠠ ᠳᠠᠪᠠᠭᠤᠯᠬᠤ ᠶᠢ ᠠᠷᠠᠳ ᠤᠨ ᠠᠮᠢᠳᠤᠷᠠᠯ ᠤᠨ ᠠᠵᠢᠯ ᠤᠨ ᠬᠠᠲᠠᠭᠤ ᠡᠭᠦᠷᠭᠡ ᠪᠤᠯᠭᠠᠵᠤ᠂ ᠤᠯᠤᠰ ᠤᠨ ᠲᠣᠭᠲᠠᠭᠠᠯ ᠠᠴᠠ ᠳᠣᠣᠷ᠎ᠠ ᠶᠢ ᠨᠢ ᠳᠡᠭᠡᠭᠰᠢᠯᠡᠭᠦᠯᠦᠨ᠂ ᠪᠡᠶᠡᠯᠡᠭᠦᠯᠦᠭᠰᠡᠨ ᠪᠤᠶᠤ ᠳᠠᠪᠠᠭᠤᠯᠤᠭᠰᠠᠨ ᠪᠠᠶᠢᠪᠠᠯ ᠠᠶᠠᠨᠳᠠᠭᠠᠨ ᠨᠡᠮᠡᠭᠳᠡᠬᠦ ᠲᠣᠭᠲᠠᠭᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠰᠠᠶᠢᠲᠤᠷ ᠬᠢᠵᠦ᠂ ᠨᠠᠷᠢᠯᠢᠭ ᠣᠨᠣᠴᠠᠲᠠᠢ ᠭᠡᠬᠦ ᠬᠤᠶᠠᠷ ᠦᠰᠦᠭ ᠢ ᠲᠣᠪᠤᠶᠢᠯᠭᠠᠨ᠂ ᠡᠲᠡᠭᠡᠳ ᠢ ᠣᠨᠣᠴᠠᠲᠠᠢ ᠢᠯᠭᠠᠨ ᠲᠠᠨᠢᠵᠤ᠂ ᠪᠡᠯᠡ ᠮᠥᠩᠭᠦ ᠶᠢ ᠣᠨᠣᠴᠠᠲᠠᠢ ᠬᠡᠷᠡᠭᠯᠡᠨ᠂ ᠲᠦᠷᠦᠯ ᠵᠦᠢᠯ ᠢ ᠣᠨᠣᠴᠠᠲᠠᠢ ᠲᠣᠬᠢᠷᠠᠭᠤᠯᠵᠤ᠂ ᠣᠷᠣᠭᠤᠯᠬᠤ ᠶᠣᠰᠣᠲᠠᠢ ᠶᠢ ᠨᠢ ᠴᠠᠭ ᠲᠤᠬᠠᠢ ᠳᠤᠨᠢ ᠣᠷᠣᠭᠤᠯᠤᠨ ᠂ ᠭᠠᠷᠭᠠᠬᠤ ᠴᠢᠬᠤᠯᠠᠲᠠᠢ ᠶᠢ ᠨᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃      ᠬᠠᠶᠢᠷ᠎ᠠ ᠬᠠᠯᠠᠮᠵᠢ ᠬᠦᠷᠭᠡᠬᠦ ᠢᠨᠵᠧᠨᠧᠷᠢᠩ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠨᠡᠩ ᠴᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠬᠠᠶᠢᠷ᠎ᠠ ᠬᠠᠯᠠᠮᠵᠢ ᠬᠦᠷᠭᠡᠬᠦ ᠢᠨᠵᠧᠨᠧᠷᠢᠩ ᠢ ᠲᠦᠷᠭᠡᠨ ᠡᠷᠭᠢᠯᠡᠵᠤ ᠰᠠᠶᠢᠲᠤᠷ ᠬᠡᠷᠡᠭᠵᠢᠭᠦᠯᠬᠦ ᠶᠢ ᠴᠢᠩᠭ᠎ᠠ ᠠᠳᠬᠤᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ︽ᠬᠠᠯᠠᠮᠵᠢ︾ ᠭᠡᠬᠦ ᠦᠰᠦᠭ ᠢ ᠨᠠᠷᠢᠯᠢᠭ ᠪᠣᠳᠠᠲᠠᠢ ᠪᠢᠴᠢᠪᠡᠯ ᠲᠦᠭ ᠲᠦᠮᠡᠨ ᠠᠶᠢᠯ ᠡᠷᠦᠭᠡ ᠎ ᠶᠢ ᠳᠤᠯᠠᠭᠠᠴᠠᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠤᠷ ᠲᠣᠭᠲᠠᠭᠤᠨ ᠵᠣᠯ ᠵᠢᠷᠭᠠᠯ ᠢ ᠪᠠᠲᠤᠯᠠᠵᠤ ᠴᠢᠳᠠᠨ᠎ᠠ᠃                  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号