︽ᠳᠡᠯᠡᠬᠡᠢ ᠶᠢᠨ ᠳᠡᠰ ᠤᠨ ᠬᠠᠳᠠᠭᠠᠯᠠᠭᠳᠠᠴᠠ ᠶᠢᠨ ᠬᠡᠮᠵᠢᠶ᠎ᠡ︾᠎ ᠠᠴᠠ ︽ᠳᠡᠯᠡᠬᠡᠢ ᠶᠢᠨ ᠳᠡᠰ ᠤᠨ ᠠᠵᠤ ᠦᠢᠯᠡᠰ︾ ᠲᠡᠶᠢᠰᠢ ᠠᠭᠢᠬᠤ ᠬᠡᠷᠡᠭᠲᠡᠢ
ᠨᠡᠶᠢᠲᠡᠯᠡᠭᠰᠡᠨ ᠴᠠᠭ᠄
2024/3/12
      - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ 15                           ᠶᠤᠸᠠᠨ ᠪᠦᠦ ᠨᠢᠶᠠᠨ      ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠳᠤ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ᠂ ᠡᠨᠡ ᠨᠢ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠰᠢᠰᠲ᠋ᠧᠮᠲᠦ ᠴᠢᠨᠠᠷᠲᠠᠢ ᠬᠠᠶᠢᠨ ᠪᠠᠶᠢᠴᠠᠭᠠᠵᠤ ᠦᠨᠡᠯᠡᠬᠦ ᠂ ᠬᠠᠮᠠᠭᠠᠯᠠᠯᠲᠠ ᠶᠢᠨ ᠴᠢᠨᠠᠷᠲᠠᠢ ᠨᠡᠭᠡᠭᠡᠬᠦ᠂ ᠴᠢᠨᠠᠷᠵᠢᠭᠤᠨ ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠶᠢ ᠰᠠᠶᠢᠲᠤᠷ ᠬᠢᠬᠦ ᠨᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠬᠠᠷᠠᠭᠤᠯᠵᠤ ᠪᠤᠢ᠃      ᠥᠪᠥᠷ ᠮᠣᠩᠭᠤᠯ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠬᠥᠩᠭᠡᠨ ᠬᠤᠪᠣᠷ ᠰᠢᠷᠣᠢ ᠶᠢᠨ ᠬᠠᠳᠠᠭᠠᠯᠠᠭᠳᠠᠴᠠ ᠪᠠᠷ ᠪᠦᠭᠦ ᠳᠡᠯᠡᠬᠡᠢ ᠳᠤ ᠲᠡᠷᠢᠭᠦᠯᠡᠵᠦ᠂ ᠴᠢᠨᠠᠷ ᠲᠠᠰ ᠥᠨᠳᠥᠷ᠂ ᠨᠡᠭᠡᠭᠡᠨ ᠮᠠᠯᠲᠠᠬᠤ ᠥᠪᠡᠷ ᠤᠨ ᠥᠷᠲᠡᠭ ᠳᠣᠣᠷ᠎ᠠ ᠵᠢᠴᠢ ᠬᠠᠮᠲᠤ ᠣᠷᠣᠰᠢᠬᠤ ᠪᠠ ᠳᠠᠭᠠᠯᠲᠠ ᠣᠷᠣᠰᠢᠬᠤ ᠡᠬᠢ ᠪᠠᠶᠠᠯᠢᠭ ᠣᠯᠠᠨ᠂ ᠶᠡᠷᠦᠩᠬᠡᠶᠢᠯᠡᠨ ᠠᠰᠢᠭᠯᠠᠬᠤ ᠦᠨ᠎ᠡ ᠥᠷᠲᠡᠭ ᠥᠨᠳᠥᠷ ᠵᠡᠷᠭᠡ ᠢᠯᠡᠳᠲᠡ ᠣᠨᠴᠠᠯᠢᠭ ᠲᠠᠢ᠃ ᠳᠡᠯᠡᠬᠡᠢ ᠶᠢᠨ ᠲᠡᠷᠢᠭᠦᠨ ᠤ ᠲᠦᠪᠰᠢᠨ ᠳᠤ ᠴᠢᠭᠯᠡᠭᠦᠯᠦᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠵᠦ᠂ ᠳᠡᠭᠡᠳᠦ ᠲᠡᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠬᠤᠪᠣᠷ ᠰᠢᠷᠣᠢ ᠶᠢᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠣᠷ ᠰᠢᠷᠣᠢ ᠶᠢᠨ ᠠᠵᠤ ᠦᠢᠯᠡᠰ ᠢ ᠰᠠᠶᠢᠲᠤᠷ ᠬᠥᠭᠵᠢᠭᠦᠯᠦᠨ᠂ ᠬᠤᠪᠣᠷ ᠰᠢᠷᠣᠢ ᠶᠢᠨ ᠲᠦᠷᠭᠡᠳᠬᠡᠬᠦ ᠮᠠᠲ᠋ᠧᠷᠢᠶᠠᠯ ᠢ ᠪᠣᠯᠣᠳ ᠲᠡᠮᠦᠷ᠂ ᠱᠦᠢᠨᠢ᠂ ᠰᠢᠯ᠂ ᠮᠠᠰᠢᠨ ᠲᠡᠷᠭᠡ ᠵᠡᠷᠭᠡ ᠠᠵᠢᠯ ᠲᠥᠷᠥᠯ ᠳᠤ ᠬᠡᠷᠡᠭᠯᠡᠬᠦ ᠶᠢ ᠥᠷᠭᠡᠳᠬᠡᠵᠦ᠂ ᠬᠡᠯᠬᠢᠶ᠎ᠡ ᠶᠢ ᠤᠷᠲᠤᠳᠬᠠᠬᠤ ᠪᠠ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠪᠠᠷ ᠳᠠᠮᠵᠢᠭᠤᠯᠤᠨ ᠠᠵᠤ ᠦᠢᠯᠡᠰ ᠤᠨ ᠳᠠᠪᠠᠭᠤᠯᠢᠭ ᠢ ᠳᠤᠮᠳᠠ ᠡᠴᠦᠰ ᠤᠨ ᠬᠡᠯᠬᠢᠶ᠎ᠡ ᠲᠡᠶᠢᠰᠢ ᠤᠷᠲᠤᠳᠬᠠᠬᠤ ᠬᠡᠷᠡᠭᠲᠡᠢ      ᠪᠤᠭᠤᠲᠤ ᠶᠢᠨ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠡᠯᠪᠡᠭ ᠪᠠᠶᠠᠯᠢᠭ᠂ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢᠯᠡᠷᠬᠡᠢ᠂ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾᠎ ᠶᠢ ᠪᠤᠶ ᠪᠤᠯᠭᠠᠬᠤ ᠳᠠᠪᠠᠭᠤᠯᠢᠭ ᠨᠥᠬᠦᠴᠡᠯ ᠲᠠᠢ ᠶᠤᠮ᠃ ᠬᠤᠪᠣᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠪᠤᠭᠤᠲᠤ ᠶᠢᠨ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ ᠭᠠᠵᠠᠷ ᠤᠨ ᠬᠠᠤᠯᠢ ᠲᠣᠭᠲᠠᠭᠠᠯ ᠳᠤ ᠨᠡᠶᠢᠴᠡᠭᠦᠯᠦᠨ ᠪᠦᠭᠦ ᠤᠯᠤᠰ ᠎ ᠲᠤ ᠬᠠᠨᠳᠤᠭᠤᠯᠤᠭᠰᠠᠨ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ ᠲᠥᠪ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠪᠤᠭᠤᠲᠤ ᠶᠢ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ ᠪᠦᠭᠦ ᠳᠡᠯᠡᠬᠡᠢ ᠳᠤ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃      ᠬᠤᠪᠣᠷ ᠰᠢᠷᠣᠢ ᠶᠢᠨ ᠠᠭᠤᠷᠬᠠᠢ ᠶᠢ ᠨᠡᠭᠡᠭᠡᠨ ᠮᠠᠯᠲᠠᠬᠤ᠂ ᠲᠡᠮᠦᠷᠯᠢᠭ ᠬᠠᠶᠢᠯᠤᠭᠤᠯᠬᠤ᠂ ᠰᠠᠯᠭᠠᠬᠤ᠂ ᠴᠢᠳᠠᠮᠵᠢᠲᠤ ᠮᠠᠲ᠋ᠧᠷᠢᠶᠠᠯ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠠᠴᠠ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠠᠵᠤ ᠦᠢᠯᠡᠰ ᠢ ᠪᠦᠷᠢᠨ ᠪᠦᠷᠬᠦᠭᠦᠯᠬᠦ ᠭᠦᠷᠲᠡᠯ᠎ᠡ᠂ ᠥᠪᠥᠷ ᠮᠣᠩᠭᠤᠯ ᠶᠠᠭ ᠬᠤᠪᠣᠷ ᠰᠢᠷᠣᠢ ᠶᠢᠨ ᠬᠡᠷᠡᠭᠯᠡᠭᠡᠨ ᠤ ᠬᠦᠷᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠳᠡᠰᠵᠢᠭᠦ᠂ ᠣᠶᠤᠨᠴᠢᠯᠠᠬᠤ᠂ ᠪᠣᠬᠢᠷᠳᠤᠯ ᠥᠭᠡᠶᠢᠵᠢᠭᠦ ᠲᠡᠶᠢᠰᠢ ᠤᠷᠤᠭᠰᠢᠯᠠᠬᠤ ᠶᠢ ᠠᠬᠢᠭᠤᠯᠵᠤ ᠪᠠᠶᠢᠨ᠎ᠠ᠃ ᠲᠥᠷᠥ ᠎ ᠶᠢᠨ ᠶᠠᠪᠤᠳᠠᠯ ᠤᠨ ᠬᠤᠷᠢᠶᠠᠨ ᠤ ︽ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ᠪᠢᠳᠡ ᠡᠷᠬᠡᠪᠰᠢ ᠴᠠᠭ ᠢ ᠠᠮᠵᠢᠨ ᠲᠦᠷᠭᠡᠨ ᠬᠥᠳᠡᠯᠦᠯᠴᠡᠵᠦ᠂ ᠰᠢᠨ᠎ᠡ ᠶᠢ ᠡᠭᠦᠳᠦᠨ ᠪᠣᠳᠠᠲᠠᠢ ᠠᠵᠢᠯᠯᠠᠨ᠂ ᠥᠪᠥᠷ ᠮᠣᠩᠭᠤᠯ ᠤᠨ ᠬᠤᠪᠣᠷ ᠰᠢᠷᠣᠢ ᠶᠢ ︽ᠳᠡᠯᠡᠬᠡᠢ ᠶᠢᠨ ᠲᠠᠰ ᠤᠨ ᠬᠠᠳᠠᠭᠠᠯᠠᠭᠳᠠᠴᠠ ᠶᠢᠨ ᠬᠡᠵᠢᠶ᠎ᠡ︾᠎ ᠠᠴᠠ ︽ᠳᠡᠯᠡᠬᠡᠢ ᠶᠢᠨ ᠲᠠᠰ ᠤᠨ ᠠᠵᠤ ᠦᠢᠯᠡᠰ︾ ᠲᠡᠶᠢᠰᠢ ᠠᠭᠢᠬᠤ ᠶᠢ ᠠᠬᠢᠭᠤᠯᠵᠤ᠂ ᠥᠪᠥᠷ ᠮᠣᠩᠭᠤᠯ ᠤᠨ ᠬᠤᠪᠣᠷ ᠰᠢᠷᠣᠢ ᠶᠢᠨ ᠡᠬᠢ ᠪᠠᠶᠠᠯᠢᠭ ᠤᠨ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号