ᠠᠶᠢᠮᠠᠭ ᠤᠨ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶  ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠪᠠᠶᠢᠨ᠎ᠠ
ᠨᠡᠶᠢᠲᠡᠯᠡᠭᠰᠡᠨ ᠴᠠᠭ᠄
2024/3/12
            ︵ᠨᠡᠷᠡᠨ᠎ᠡ ᠲᠠᠢ ᠹᠠᠩ ᠶᠠᠩ ᠰᠢᠤᠸᠠᠢ ᠷᠦᠡᠭ ᠵᠠᠩ ᠢᠦᠢ ᠮᠧᠩ ᠶᠠᠨ ᠯᠢ ᠶᠠ ᠨᠠᠨ︶ ᠣᠶᠢᠷ᠎ᠠ ᠶᠢᠨ ᠡᠳᠦᠷ ᠤᠳ ᠲᠤ᠂ ᠠᠶᠢᠮᠠᠭ ᠤᠨ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠡᠬᠢᠯᠡᠵᠡᠢ᠃ ᠤᠯᠠᠨ ᠢᠶᠠᠷ ᠢᠶᠠᠨ᠂ ︽ᠨᠢᠭᠡ ᠵᠢᠱᠢᠶ᠎ᠡ ᠦᠵᠡᠭᠦᠯᠭᠦ ᠠᠶᠢᠮᠠᠭ ᠢ ᠪᠦᠲᠦᠭᠡᠨ ᠪᠠᠶᠢᠭᠤᠯᠬᠤ︾ ︽ᠲᠠᠪᠤᠨ ᠶᠡᠭᠡ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ︾ ︽ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠪᠠ ᠪᠦᠭᠦ ᠣᠷᠣᠨ ᠤ ︽ᠬᠤᠶᠠᠷ ᠶᠡᠭᠡ ᠶᠠᠪᠤᠳᠠᠯ︾᠎ ᠢ ᠪᠡᠶᠡᠯᠡᠭᠦᠯᠬᠦ ᠲᠣᠭᠤᠷᠢᠨ ᠳᠤ ᠪᠣᠳᠠᠲᠠᠢ ᠠᠵᠢᠯᠯᠠᠵᠤ᠂ ᠲᠤᠰ ᠲᠤᠰ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠷᠬᠡᠶᠢᠯᠡᠵᠡᠭᠡᠪᠡ᠃      ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠢᠨ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠬᠢᠵᠦ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠎ ᠢᠶᠠᠨ ᠪᠠᠶᠢᠷᠢᠯᠠᠭᠤᠯᠵᠠᠢ᠃ ᠬᠤᠷᠠᠯ ᠠᠴᠠ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠡᠨᠡ ᠵᠢᠯ ᠤᠨ ᠠᠵᠢᠯ ᠤᠨ ᠲᠤᠬᠠᠢ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠳᠡᠨ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠠᠶᠢᠮᠠᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢ ᠪᠠᠶᠢᠷᠢᠯᠠᠭᠤᠯᠤᠯᠲᠠ ᠲᠠᠢ ᠨᠢᠭᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠭᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠵᠠᠢ᠃      ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠎ ᠤᠨ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠎ ᠪᠠᠷ ᠠᠵᠢᠯ ᠢᠶᠠᠨ ᠪᠠᠷᠢᠮᠵᠢᠶᠠᠯᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠶᠢ ᠭᠦᠢᠴᠡᠳᠬᠡᠬᠦ ᠪᠠ ᠪᠦᠭᠦ ᠠᠶᠢᠮᠠᠭ ᠤᠨ ᠶᠡᠭᠡ ᠲᠠᠯ᠎ᠠ ᠳᠤ ᠦᠢᠯᠡᠴᠢᠯᠡᠬᠦ ᠭᠠᠷᠳᠠᠴᠠ ᠶᠢ ᠣᠨᠣᠪᠴᠢᠲᠠᠢ ᠣᠯᠵᠤ᠂ ᠵᠢᠱᠢᠶ᠎ᠡ ᠦᠵᠡᠭᠦᠯᠭᠦ ᠠᠶᠢᠮᠠᠭ ᠢ ᠪᠦᠲᠦᠭᠡᠨ ᠪᠠᠶᠢᠭᠤᠯᠬᠤ᠂ ᠲᠠᠪᠤᠨ ᠶᠡᠭᠡ ᠰᠠᠭᠤᠷᠢᠨ ᠢ ᠪᠦᠲᠦᠭᠡᠨ ᠪᠠᠶᠢᠭᠤᠯᠬᠤ᠂ ᠳᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠂ ᠠᠯᠠᠱᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠤᠯᠠᠨ ᠤ ᠰᠡᠳᠬᠢᠯ ᠢ ᠨᠢᠭᠡᠳᠬᠡᠨ᠂ ᠤᠯᠠᠨ ᠤ ᠬᠦᠴᠦᠨ ᠢ ᠨᠢᠭᠲᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃      ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠤᠰᠬᠠᠢ ᠬᠤᠷᠠᠯ ᠬᠤᠷᠠᠯᠳᠤᠭᠤᠯᠬᠤ ᠳᠠᠭᠠᠨ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂ ᠬᠢᠨᠠᠯᠲᠠ ᠲᠠᠯᠪᠢᠬᠤ ᠪᠠ ᠲᠠᠭᠢᠨ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠪᠠ ᠲᠠᠭᠢᠨ ᠪᠠᠶᠢᠴᠠᠭᠠᠯᠲᠠ ᠬᠢᠬᠦ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ︽ᠲᠦᠷᠪᠡᠨ ᠰᠤᠷᠲᠠᠯ︾᠎ ᠢ ᠴᠢᠩᠭ᠎ᠠ ᠴᠡᠭᠴᠡᠯᠡᠨ ᠵᠠᠰᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠤᠨ᠂ ᠪᠦᠭᠦ ᠠᠶᠢᠮᠠᠭ ᠤᠨ ᠡᠯ᠎ᠡ ᠵᠦᠢᠯ ᠤᠨ ᠠᠵᠢᠯ ᠢ ᠠᠬᠢᠭᠤᠯᠬᠤ ᠳᠤ ᠨᠠᠩ ᠪᠠᠲᠤ ᠴᠢᠩᠭ᠎ᠠ ᠤᠯᠤᠰ ᠲᠥᠷᠥ ᠪᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号