ᠵᠢᠵᠢᠭ ᠠᠭᠤᠯᠠᠨ ᠲᠤᠰᠬᠤᠨ ᠤ ᠵᠦᠷᠵᠢᠯᠢᠭ ᠲᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠪᠠᠷ ᠲᠠᠮᠵᠢᠨ ᠤᠷᠤᠰ ᠲᠤ ᠪᠣᠷᠣᠯᠠᠭᠤᠯᠤᠭᠳᠠᠪᠠ
ᠨᠡᠶᠢᠲᠡᠯᠡᠭᠰᠡᠨ ᠴᠠᠭ᠄
2024/3/12
                     ᠵᠢᠵᠢᠭ ᠠᠭᠤᠯᠠᠨ ᠲᠤᠰᠬᠤᠨ ᠤ ᠵᠦᠷᠵᠢᠯᠢᠭ ᠲᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠪᠠᠷ ᠲᠠᠮᠵᠢᠨ ᠤᠷᠤᠰ ᠲᠤ ᠪᠣᠷᠣᠯᠠᠭᠤᠯᠤᠭᠳᠠᠬᠤ ᠪᠣᠯᠣᠯ᠎ᠠ᠃ ᠣᠶᠢᠷ᠎ᠠ ᠳᠤ᠂ ᠭᠦᠢᠵᠧᠦ ᠮᠤᠵᠢ ᠶᠢᠨ ᠼᠧᠨ ᠭᠦᠩ ᠰᠢᠶᠠᠨ ᠤ ᠰᠧ ᠵᠧᠦ ᠵᠦᠷᠵᠢᠯᠢᠭ ᠢ ᠲᠡᠭᠦᠬᠦ ᠠᠵᠢᠯ ᠰᠢᠪᠲᠤᠷᠠᠭᠠᠨ ᠳᠠᠭᠠᠨ ᠣᠷᠣᠵᠠᠢ᠃ ᠵᠦᠷᠵᠢᠯᠢᠭ ᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠳᠤ ᠠᠴᠢᠵᠤ᠂ ᠮᠠᠨᠵᠤᠤᠷ ᠪᠣᠭᠤᠮᠲᠠ ᠪᠠᠷ ᠳᠡᠮᠵᠢᠨ ᠣᠷᠣᠰ ᠲᠤ ᠪᠣᠷᠣᠯᠠᠭᠤᠯᠬᠤ ᠪᠣᠯᠣᠨ᠎ᠠ᠃ ᠵᠠᠯᠭᠠᠭᠠᠳ᠂ ᠵᠧᠦ ᠫᠢᠩ ᠲᠣᠰᠬᠤᠨ ᠤ ᠵᠢᠮᠢᠰ ᠤᠨ ᠮᠣᠳᠣ ᠳᠠᠷᠢᠬᠤ ᠲᠤᠰᠬᠠᠢ ᠬᠤᠷᠰᠢᠶ᠎ᠠ ᠪᠠᠰᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠳᠤ ᠲᠦᠰᠢᠭᠯᠡᠨ᠂ ᠲᠤᠭᠤᠷ᠂ ᠤᠯᠠᠭᠠᠨ ᠭᠦᠢᠯᠡᠰᠦ ᠵᠡᠷᠭᠡ ᠤᠯᠠᠷᠢᠯ ᠤᠨ ᠰᠢᠨ᠎ᠡ ᠰᠣᠷᠭᠤᠭ ᠵᠢᠮᠢᠰ ᠢ ᠭᠠᠳᠠᠭᠠᠳᠤ ᠳᠤ ᠪᠣᠷᠣᠯᠠᠭᠤᠯᠵᠤ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号