10 ᠵᠢᠯ ᠤᠨ ᠲᠤᠷᠰᠢ 7000 ᠲᠦᠮᠡᠨ ᠰᠠᠭᠤᠭᠠᠯᠢ ᠠᠷᠠᠳ ᠲᠤ ᠬᠦᠨᠳᠦ ᠡᠪᠡᠳᠴᠢᠨ ᠤ ᠳᠠᠭᠠᠳᠬᠠᠯ ᠤᠨ ᠲᠥᠯᠥᠪᠦᠷᠢ ᠥᠭᠪᠡ
ᠨᠡᠶᠢᠲᠡᠯᠡᠭᠰᠡᠨ ᠴᠠᠭ᠄
2024/3/12
                       ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠣᠶᠢᠷ᠎ᠠ ᠶᠢᠨ ᠡᠳᠦᠷ ᠤᠨ ᠮᠡᠳᠡᠭᠡ ᠶᠢ ᠦᠨᠳᠦᠰᠦᠯᠡᠪᠡᠯ᠂ ᠳᠠᠭᠠᠳᠬᠠᠯ ᠤᠨ ᠦᠢᠯᠡᠰ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠢᠳᠡᠪᠬᠢᠲᠡᠢ ᠡᠭᠦᠷᠭᠡᠯᠡᠨ ᠳᠠᠭᠠᠭᠠᠵᠤ᠂ ᠣᠳᠣᠬᠠᠨ ᠳᠤ 21 ᠳᠠᠭᠠᠳᠬᠠᠯ ᠤᠨ ᠺᠤᠮᠫᠠᠨᠢ ᠪᠦᠭᠦ ᠤᠯᠤᠰ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠭᠦᠷᠭᠡᠯᠡᠨ ᠳᠠᠭᠠᠭᠠᠵᠤ᠂ 10 ᠵᠢᠯ ᠤᠨ ᠲᠤᠷᠰᠢ ᠨᠢᠭᠡᠨᠲᠡ 7000 ᠭᠠᠷᠤᠢ ᠲᠦᠮᠡᠨ ᠬᠥᠮᠥᠨ ᠳᠤ ᠲᠥᠯᠥᠪᠦᠷᠢ ᠥᠭᠴᠦ᠂ ᠳᠠᠭᠠᠳᠬᠠᠯ ᠳᠤ ᠣᠷᠣᠯᠴᠠᠬᠰᠠᠨ ᠡᠪᠡᠳᠴᠢᠲᠡᠨ ᠤ ᠡᠮᠴᠢᠯᠡᠭᠡᠨ ᠤ ᠶᠡᠬᠡᠩᠬᠢ ᠬᠡᠰᠡᠭ ᠤᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠪᠡ᠃      ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠥᠬᠦᠪᠦᠷᠢ ᠪᠣᠯᠤᠭᠰᠠᠨ ᠤ ᠬᠤᠪᠢ ᠳᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠨᠢ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤᠵᠢᠬᠰᠠᠨ ᠪᠠ ᠥᠪᠡᠷᠮᠢᠴᠡ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠡᠷᠡᠭᠴᠡᠭᠡ ᠶᠢ ᠭᠤᠣᠯᠳᠠᠯᠭ᠎ᠠ ᠲᠠᠢ ᠬᠠᠩᠭᠠᠪᠠ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ 170 ᠭᠠᠷᠤᠢ ᠳᠠᠭᠠᠳᠬᠠᠯ ᠤᠨ ᠺᠤᠮᠫᠠᠨᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠵᠦ᠂ 5000 ᠭᠠᠷᠤᠢ ᠲᠦᠷᠦᠯ ᠤᠨ ᠦᠢᠯᠡᠳᠬᠦᠨ ᠢ ᠪᠣᠷᠣᠯᠠᠭᠤᠯᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮ ᠡᠮᠨᠡᠯᠭᠡ ᠶᠢᠨ ᠦᠢᠯᠡᠴᠢᠯᠡᠭᠡ᠂ ᠦᠷᠡᠵᠢᠯ ᠤᠨ ᠪᠠᠲᠤᠯᠠᠭ᠎ᠠ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠡᠯ᠎ᠡ ᠬᠦᠷᠢᠶ᠎ᠡ ᠴᠠᠷᠠᠭ᠎ᠠ ᠶᠢ ᠬᠠᠮᠤᠷᠴᠤ᠂ ᠤᠤᠯ ᠤᠨ ᠳᠥᠭᠦᠮᠬᠡᠨ ᠢᠶᠠᠷ ᠡᠮ ᠡᠮᠨᠡᠯᠭᠡ ᠶᠢᠨ ᠵᠠᠷᠤᠳᠠᠯ ᠢ ᠲᠠᠩᠰᠠ ᠴᠠᠶᠢᠷᠠᠭᠤᠯᠬᠤ ᠪᠠ ᠠᠵᠤ ᠠᠬᠤᠢ ᠶᠢᠨ ᠨᠥᠬᠦᠪᠦᠷᠢ ᠣᠯᠭᠤᠵᠤ ᠪᠠᠶᠢᠭᠰᠠᠨ ᠠᠴᠠ ᠪᠠᠨ ᠡᠪᠡᠳᠴᠢᠯᠡᠬᠦ ᠠᠴᠠ ᠡᠮᠦᠨᠡᠬᠢ᠂ ᠡᠪᠡᠳᠴᠢᠯᠡᠭᠰᠡᠨ ᠬᠤᠭᠤᠴᠠᠭᠠᠨ ᠳᠠᠬᠢ ᠪᠠ ᠡᠪᠡᠳᠴᠢᠨ ᠡᠳᠡᠭᠡᠷᠡᠭᠰᠡᠨ ᠠᠴᠠ ᠰᠡᠭᠦᠯᠡᠷᠬᠢ ᠶᠡᠷᠦᠩᠬᠡᠶᠢᠯᠡᠭᠰᠡᠨ ᠴᠢᠨᠠᠷᠲᠠᠢ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠠᠮᠢᠶᠠᠷᠤᠯᠲᠠ ᠲᠡᠶᠢᠰᠢ ᠬᠥᠭᠵᠢᠵᠦ᠂ ᠰᠢᠨ᠎ᠡ ᠦᠢᠯᠡᠳᠬᠦᠨ ᠤ ᠲᠥᠷᠥᠯ ᠭᠡᠯᠪᠡᠷᠢ ᠲᠠᠰᠤᠷᠠᠯᠲᠠ ᠦᠭᠡᠢ ᠣᠯᠠᠰᠢᠷᠠᠪᠠ᠃      ᠲᠠᠨᠢᠯᠴᠠᠭᠤᠯᠤᠭᠰᠠᠨ ᠢᠶᠠᠷ᠂ 2022 ᠣᠨ ᠤ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠰᠦᠢᠳᠬᠡᠯ ᠤᠨ ᠣᠷᠣᠯᠭ᠎ᠠ 8653 ᠳ᠋ᠦᠩᠰᠢᠭᠤᠷ ᠲᠥᠭᠦᠷᠢᠭ᠂ ᠲᠥᠯᠥᠪᠦᠷᠢ ᠥᠭᠭᠦᠭᠰᠡᠨ ᠵᠠᠷᠤᠯᠭ᠎ᠠ 3600 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠤ ᠬᠠᠮᠲᠤ 1.6 ᠲᠦᠮᠡᠨ ᠳ᠋ᠦᠩᠰᠢᠭᠤᠷ ᠲᠥᠭᠦᠷᠢᠭ ᠤᠨ ᠣᠷᠳᠣ ᠬᠤᠭᠤᠴᠠᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ ᠪᠡᠯᠡᠳᠬᠡᠯ ᠮᠥᠩᠭᠦ ᠶᠢ ᠬᠤᠷᠠᠮᠳᠤᠭᠤᠯᠵᠤ ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ᠬᠤᠶᠢᠰᠢᠳᠠ ᠶᠢᠨ ᠰᠠᠨᠠᠭᠠᠰᠢᠷᠠᠯ ᠢ ᠪᠠᠭᠠᠰᠬᠠᠬᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃      ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠢ ᠳᠡᠮᠵᠢᠬᠦ ᠲᠠᠯ᠎ᠠ ᠪᠠᠷ᠂ 2022 ᠣᠨ ᠤ ᠡᠴᠦᠰ ᠪᠤᠯᠲᠠᠯ᠎ᠠ ᠨᠡᠶᠢᠲᠡ 31 ᠳᠠᠭᠠᠳᠬᠠᠯ ᠤᠨ ᠺᠤᠮᠫᠠᠨᠢ ᠤᠷᠢᠳ ᠬᠤᠵᠢᠳ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠣᠷᠣᠯᠴᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠤᠳᠠᠯᠳᠤᠭᠠᠨ ᠤ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠭᠠᠶᠢᠯᠢ ᠲᠤᠰᠢᠶᠠᠬᠤ ᠶᠢ ᠰᠢᠯᠢᠳᠡᠭᠵᠢᠭᠦᠯᠬᠦ ᠬᠡᠪᠴᠢᠶ᠎ᠡ ᠶᠢ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠠᠴᠠ ᠬᠤᠳᠠᠯᠳᠤᠭᠠᠨ ᠤ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠭᠦᠷᠲᠡᠯ᠎ᠡ ᠥᠷᠭᠡᠳᠬᠡᠬᠦ ᠶᠢᠨ ᠬᠠᠮᠲᠤ᠂ ᠠᠮᠢ ᠨᠠᠰᠤᠨ ᠤ ᠳᠠᠭᠠᠳᠬᠠᠯ ᠤᠨ ᠲᠥᠯᠥᠬᠦ ᠬᠠᠷᠢᠭᠤᠴᠠᠯᠭ᠎ᠠ ᠬᠢᠭᠡᠳ ᠰᠤᠪᠢᠯᠠᠯᠲᠠ ᠳᠤ ᠲᠥᠯᠥᠬᠦ ᠬᠠᠷᠢᠭᠤᠴᠠᠯᠭ᠎ᠠ ᠶᠢ ᠬᠤᠪᠢᠷᠠᠭᠤᠯᠬᠤ ᠲᠣᠭᠲᠠᠴᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠪᠡ᠃            
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号