ᠢᠳᠡᠭᠡᠨ ᠢ ᠴᠠᠬᠢᠯᠭᠠᠨ ᠬᠦᠯᠳᠡᠭᠡᠭᠦᠷ ᠲᠤ ᠬᠡᠳᠦᠢ ᠤᠳᠠᠭᠠᠨ ᠬᠠᠳᠠᠭᠠᠯᠠᠵᠤ ᠪᠣᠯᠬᠤ ᠪᠣᠢ︖
ᠨᠡᠶᠢᠲᠡᠯᠡᠭᠰᠡᠨ ᠴᠠᠭ᠄
2024/3/14
            ᠰᠢᠨ᠎ᠡ ᠦᠨᠳᠡᠭᠡ ᠶᠢ 30 — 60 ᠡᠳᠦᠷ ᠬᠠᠳᠠᠭᠠᠯᠠᠵᠤ ᠪᠣᠯᠣᠨ᠎ᠠ᠃       ᠪᠣᠯᠭᠤᠭᠰᠠᠨ ᠦᠨᠳᠡᠭᠡ ᠶᠢ 6 — 7 ᠡᠳᠦᠷ ᠬᠠᠳᠠᠭᠠᠯᠠᠵᠤ ᠪᠣᠯᠣᠨ᠎ᠠ᠃       ᠦᠨᠢᠶᠡᠨ ᠰᠦ ᠶᠢ 5 — 6 ᠡᠳᠦᠷ ᠬᠦᠯᠳᠡᠭᠦᠦ ᠪᠠᠷ ᠬᠠᠳᠠᠭᠠᠯᠠᠵᠤ ᠪᠣᠯᠣᠨ᠎ᠠ᠃       ᠠᠶᠢᠷᠠᠭ ᠢ 5 — 7 ᠡᠳᠦᠷ ᠬᠦᠯᠳᠡᠭᠦᠦ ᠪᠠᠷ ᠬᠠᠳᠠᠭᠠᠯᠠᠵᠤ ᠪᠣᠯᠣᠨ᠎ᠠ᠃       ᠵᠢᠭᠠᠰᠤᠨ ᠤ ᠵᠦᠢᠯ ᠢ 1 — 2 ᠡᠳᠦᠷ ᠬᠦᠯᠳᠡᠭᠦᠦ ᠪᠠᠷ ᠬᠠᠳᠠᠭᠠᠯᠠᠵᠤ ᠪᠣᠯᠣᠨ᠎ᠠ᠃ ᠪᠦᠷᠢᠮᠦᠰᠦᠨ ᠬᠦᠯᠳᠡᠭᠡᠪᠡᠯ 80 — 180 ᠡᠳᠦᠷ ᠬᠠᠳᠠᠭᠠᠯᠠᠵᠤ ᠪᠣᠯᠣᠨ᠎ᠠ᠃       ᠦᠬᠡᠷ ᠤᠨ ᠮᠢᠬ᠎ᠠ ᠶᠢ 1 — 2 ᠡᠳᠦᠷ ᠬᠦᠯᠳᠡᠭᠦᠦ ᠪᠠᠷ ᠬᠠᠳᠠᠭᠠᠯᠠᠵᠤ ᠪᠣᠯᠣᠨ᠎ᠠ᠃ ᠪᠦᠷᠢᠮᠦᠰᠦᠨ ᠬᠦᠯᠳᠡᠭᠡᠪᠡᠯ 90 ᠡᠳᠦᠷ ᠬᠠᠳᠠᠭᠠᠯᠠᠵᠤ ᠪᠣᠯᠣᠨ᠎ᠠ᠃       ᠬᠢᠮ᠎ᠠ ᠶᠢ 2 — 3 ᠡᠳᠦᠷ ᠬᠦᠯᠳᠡᠭᠦᠦ ᠪᠠᠷ ᠬᠠᠳᠠᠭᠠᠯᠠᠵᠤ ᠪᠣᠯᠣᠨ᠎ᠠ᠃ ᠪᠦᠷᠢᠮᠦᠰᠦᠨ ᠬᠦᠯᠳᠡᠭᠡᠪᠡᠯ 60 ᠡᠳᠦᠷ ᠬᠠᠳᠠᠭᠠᠯᠠᠵᠤ ᠪᠣᠯᠣᠨ᠎ᠠ᠃       ᠲᠠᠬᠢᠶᠠᠨ ᠮᠢᠬ᠎ᠠ ᠶᠢ 2 — 3 ᠡᠳᠦᠷ ᠬᠦᠯᠳᠡᠭᠦᠦ ᠪᠠᠷ ᠬᠠᠳᠠᠭᠠᠯᠠᠵᠤ ᠪᠣᠯᠣᠨ᠎ᠠ᠃ ᠪᠦᠷᠢᠮᠦᠰᠦᠨ ᠬᠦᠯᠳᠡᠭᠡᠪᠡᠯ 360 ᠬᠤᠨᠤᠭ ᠬᠠᠳᠠᠭᠠᠯᠠᠵᠤ ᠪᠣᠯᠣᠨ᠎ᠠ᠃       ᠠᠮᠠᠰᠠᠷ ᠢ ᠨᠢ ᠨᠡᠭᠡᠭᠡᠳᠦᠢ ᠭᠤᠸᠠᠨᠲᠸᠦ ᠢᠳᠡᠭᠡᠨ ᠢ 360 ᠡᠳᠦᠷ ᠬᠦᠯᠳᠡᠭᠦᠦ ᠪᠠᠷ ᠬᠠᠳᠠᠭᠠᠯᠠᠵᠤ ᠪᠣᠯᠣᠨ᠎ᠠ᠃       ᠭᠤᠸᠠ ᠶᠢᠨ ᠵᠦᠢᠯᠡᠰ ᠢ 7 ᠡᠳᠦᠷ ᠬᠦᠯᠳᠡᠭᠦᠦ ᠪᠠᠷ ᠬᠠᠳᠠᠭᠠᠯᠠᠵᠤ ᠪᠣᠯᠣᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号