ᠦᠨᠡᠨᠴᠢ ᠢᠲᠡᠭᠡᠮᠵᠢ ᠲᠠᠢ ᠳᠦᠷᠢ ᠲᠥᠷᠬᠦ ᠶᠢ ᠰᠠᠶᠢᠲᠤᠷ ᠱᠤᠭᠤᠰᠤᠭᠠᠢ
ᠨᠡᠶᠢᠲᠡᠯᠡᠭᠰᠡᠨ ᠴᠠᠭ᠄
2024/3/18
     - ︽ᠵᠢᠷᠭᠤᠭᠠᠨ ᠢᠨᠵᠧᠨᠧᠷᠢᠩ︾᠎ ᠢ ᠪᠦᠭᠦ       ᠬᠦᠴᠦᠨ ᠢᠶᠠᠷ ᠢᠶᠠᠨ ᠰᠠᠶᠢᠲᠤᠷ ᠠᠳᠬᠤᠬᠤ       ᠲᠤᠬᠠᠢ ᠳᠥᠷᠪᠠᠨᠲᠡ ᠥᠭᠦᠯᠡᠬᠦ ᠨᠢ                     ᠶᠤᠸᠠᠨ ᠪᠤᠤ ᠨᠢᠶᠠᠨ                              ᠡᠨᠡ ᠵᠢᠯ ᠤᠨ ᠠᠵᠤ ᠠᠬᠤᠢ ᠶᠢᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠶᠡᠭᠡ ᠪᠠᠷ ᠠᠳᠬᠤᠬᠤ ᠬᠡᠷᠡᠭᠲᠡᠢ᠂ ᠠᠷᠠᠯᠵᠢᠶᠠᠴᠢᠨ ᠤᠷᠢᠬᠤ ᠶᠢᠨ ᠵᠠᠩᠭᠢᠯᠠᠭ᠎ᠠ ᠎ ᠨᠢ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠲᠠᠢ ᠪᠠᠶᠢᠬᠤ ᠬᠡᠷᠡᠭᠲᠡᠢ᠂ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠨᠢ ᠡᠩ ᠲᠡᠷᠢᠭᠦᠨ ᠳᠤ ᠦᠨᠡᠨᠴᠢ ᠢᠲᠡᠭᠡᠮᠵᠢ ᠶᠢ ᠡᠷᠬᠢᠮᠯᠡᠵᠦ᠂ ᠦᠨᠡᠨᠴᠢ ᠢᠲᠡᠭᠡᠮᠵᠢ ᠎ ᠶᠢ ᠪᠠᠷᠢᠮᠲᠠᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ︽ᠵᠦᠭᠯᠡᠭᠦᠷ︾ ᠮᠥᠨ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠪᠡᠶ᠎ᠡ ᠪᠠᠷ ᠢᠶᠠᠨ ᠦᠯᠢᠭᠡᠷ ᠵᠢᠱᠢᠶ᠎ᠡ ᠪᠣᠯᠪᠠᠯ ᠰᠠᠶ᠋ᠢ ᠦᠨᠡᠨᠴᠢ ᠢᠲᠡᠭᠡᠮᠵᠢᠲᠡᠢ ᠪᠠᠶᠢᠬᠤ ᠶᠢ ᠨᠡᠶᠢᠭᠡᠮ ᠳᠠᠶᠠᠭᠠᠷ ᠤᠨ ᠬᠡᠪ ᠵᠠᠩᠰᠢᠯ ᠪᠤᠯᠭᠠᠵᠤ ᠴᠢᠳᠠᠨ᠎ᠠ᠃      ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠦᠨᠡᠨᠴᠢ ᠢᠲᠡᠭᠡᠮᠵᠢ ᠶᠢ ᠡᠷᠭᠢᠮᠯᠡᠭᠦ᠂ ᠦᠨᠡᠨᠴᠢ ᠢᠲᠡᠭᠡᠮᠵᠢ ᠶᠢ ᠪᠠᠷᠢᠮᠲᠠᠯᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠠᠮᠠᠯᠠᠳᠠ ᠪᠠᠨ ᠪᠠᠲᠤ ᠰᠠᠬᠢᠵᠤ᠂ ︽ᠰᠢᠨ᠎ᠡ ᠤᠳᠤᠷᠢᠳᠤᠯᠭ᠎ᠠ ᠬᠠᠭᠤᠴᠢᠨ ᠲᠠᠩᠰᠠ ᠶᠢ ᠬᠠᠮᠢᠶ᠋ᠷᠬᠤ︾ ᠲᠠᠯ᠎ᠠ ᠪᠠᠷ ᠳᠠᠭᠠᠭᠤᠯᠤᠭᠴᠢ ᠦᠢᠯᠡᠳᠦᠯ ᠦᠵᠡᠭᠦᠯᠵᠦ᠂ ᠥᠩᠭᠡᠷᠡᠭᠰᠡᠨ ᠳᠤ ᠦᠷᠡᠳᠦᠭᠰᠡᠨ ᠵᠣᠭᠤᠰ ᠴᠤ ᠲᠡᠷᠡ᠂ ᠵᠥᠪᠰᠢᠶᠡᠷᠡᠭᠰᠡᠨ ᠶᠠᠪᠤᠳᠠᠯ ᠴᠤ ᠲᠡᠷᠡ᠂ ᠴᠥᠮ ᠢ ᠰᠢᠢᠳᠪᠦᠷᠢᠯᠡᠬᠦ ᠬᠡᠷᠡᠭᠲᠡᠢ᠃ ᠬᠤᠭᠤᠰᠤᠨ ᠦᠭᠡ ᠶᠠᠷᠢᠬᠤ ᠦᠭᠡᠢ᠂ ᠠᠮᠠ ᠪᠠᠷᠳᠠᠮ ᠦᠭᠡ ᠶᠠᠷᠢᠬᠤ ᠦᠭᠡᠢ ᠪᠠᠶᠢᠵᠤ᠂ ᠠᠷᠠᠯᠵᠢᠶᠣᠠᠶᠢᠨ ᠤᠷᠢᠵᠤ ᠪᠡᠯᠡ ᠮᠥᠩᠭᠦ ᠣᠷᠣᠭᠤᠯᠤᠨ ᠠᠪᠤᠶᠢᠷᠠᠬᠤ ᠶᠢ ᠠᠳᠬᠤᠭᠰᠠᠨ ᠴᠤ ᠲᠡᠷᠡ᠂ ᠴᠥᠮ ᠲᠣᠳᠣᠷᠬᠠᠢ ᠲᠤᠩᠭᠠᠨ ᠪᠣᠳᠣᠯᠬᠢᠯᠠᠭᠰᠠᠨ ᠤ ᠲᠠᠷᠠᠭ᠎ᠠ ᠰᠠᠶ᠋ᠢ ᠦᠭᠡ ᠬᠡᠯᠡᠬᠦ ᠬᠡᠷᠡᠭᠲᠡᠢ᠂ ᠬᠢᠵᠦ ᠲᠡᠶᠢᠯᠭᠦ ᠦᠭᠡᠢ ᠪᠣᠯ ᠠᠮᠠ ᠲᠠᠪᠠ ᠪᠠᠷ ᠢᠶᠠᠨ ᠶᠠᠷᠢᠵᠤ ᠪᠤᠯᠬᠤ ᠦᠭᠡᠢ᠂ ᠬᠡᠢ ᠬᠤᠭᠤᠰᠤᠨ ᠶᠠᠷᠢᠵᠤ ᠪᠤᠯᠬᠤ ᠦᠭᠡᠢ᠃       ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠰᠢᠰᠲ᠋ᠧᠮᠳᠤ ᠢᠨᠵᠧᠨᠧᠷᠢᠩ ᠮᠥᠨ᠂ ᠳᠦᠷᠢᠮ ᠲᠣᠭᠲᠠᠭᠠᠯ ᠲᠣᠭᠲᠠᠭᠠᠬᠤ ᠴᠢᠬᠤᠯᠠ ᠲᠠᠢ᠂ ᠨᠡᠩ ᠴᠤ ᠤᠷᠳᠤ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠤᠭᠢᠶᠠᠯ ᠪᠤᠯᠭᠠᠵᠤ᠂ ᠳᠦᠷᠢᠮ ᠲᠣᠭᠲᠠᠴᠠ᠂ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠵᠦ᠂ ᠪᠦᠭᠦ ᠨᠡᠶᠢᠭᠡᠮ ᠤᠨ ᠦᠨᠡᠨᠴᠢ ᠢᠲᠡᠭᠡᠮᠵᠢ ᠶᠢ ᠡᠷᠡᠭᠢᠮᠯᠡᠭᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠰᠠᠶᠢᠲᠤᠷ ᠠᠳᠬᠤᠬᠤ ᠶᠢᠨ ᠵᠡᠷᠭᠡ ᠪᠠᠷ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠦᠡᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠡᠳᠡᠭᠡᠷ ᠢ ᠪᠦᠷ ᠰᠠᠶᠢᠲᠤᠷ ᠬᠢᠴᠢᠬᠡᠪᠡᠯ ᠥᠪᠥᠷ ᠮᠣᠩᠭᠤᠯ ᠤᠨ ᠠᠷᠠᠳ ᠲᠦᠮᠡᠨ ᠤ ᠦᠨᠡᠨᠴᠢ ᠢᠲᠡᠭᠡᠮᠵᠢ ᠶᠢ ᠡᠷᠭᠢᠮᠯᠡᠭᠦ᠂ ᠦᠨᠡᠨᠴᠢ ᠢᠲᠡᠭᠡᠮᠵᠢ ᠶᠢ ᠪᠠᠶᠢᠮᠳᠠᠯᠠᠬᠤ ᠵᠥᠪ ᠲᠠᠯ᠎ᠠ ᠶᠢᠨ ᠳᠦᠷᠢ ᠲᠥᠷᠬᠦ ᠠᠶᠠᠨᠳᠠᠭᠠᠨ ᠪᠤᠢ ᠪᠣᠯᠣᠨ᠎ᠠ᠃       ᠬᠥᠮᠥᠨ ᠢᠲᠡᠭᠡᠯ ᠬᠦᠨᠳᠦ ᠪᠠᠨ ᠪᠠᠷᠠᠪᠠᠯ ᠪᠤᠰᠤᠳ ᠲᠤ ᠬᠦᠷᠢᠶᠡᠯᠡᠭᠳᠡᠬᠦ ᠦᠭᠡᠢ᠃ ᠠᠵᠢᠯ ᠦᠢᠯᠡᠰ ᠬᠢᠬᠦ ᠳᠤ ᠢᠲᠡᠭᠡᠯ ᠬᠦᠨᠳᠦ ᠶᠢ ᠡᠷᠭᠢᠮᠯᠡᠭᠦ ᠦᠭᠡᠢ ᠪᠣᠯ ᠬᠥᠭᠵᠢᠵᠦ ᠴᠢᠳᠠᠬᠤ ᠦᠭᠡᠢ᠃ ᠦᠨᠡᠨᠴᠢ ᠢᠲᠡᠭᠡᠮᠵᠢ ᠶᠢ ᠡᠷᠡᠭᠢᠮᠯᠡᠵᠤ᠂ ᠦᠡᠨᠡᠴᠢ ᠢᠲᠡᠭᠡᠮᠵᠢ ᠢ ᠪᠠᠷᠢᠮᠲᠠᠯᠠᠪᠠᠯ ᠰᠠᠶ᠋ᠢ ᠬᠢᠵᠠᠭᠠᠷ ᠦᠭᠡᠢ ᠬᠤᠳᠠᠯᠳᠤᠭᠠᠨ ᠤ ᠲᠤᠭᠢᠶᠠᠯ ᠢ ᠣᠯᠵᠤ ᠴᠢᠳᠠᠨ᠎ᠠ᠃ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠡᠷᠡᠰ ᠵᠣᠷᠢᠭ ᠪᠠ ᠤᠶᠢᠯᠠ ᠠᠵᠢᠯᠯᠠᠭ᠎ᠠ ᠪᠠᠷ᠂ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠳᠦᠷᠢᠮ ᠲᠣᠭᠲᠠᠭᠠᠯ ᠲᠣᠭᠲᠠᠭᠠᠵᠤ᠂ ᠣᠷᠣᠨ ᠳᠠᠶᠠᠭᠠᠷ ᠲᠤ ᠭᠡᠷ᠎ᠡ ᠪᠠᠨ ᠭᠦᠢᠣᠡᠳᠭᠡᠵᠤ ᠠᠮᠠᠯᠠᠳᠠ ᠪᠠᠨ ᠦᠢᠯᠡᠳᠦᠯᠭᠡᠵᠢᠭᠦᠯᠬᠦ ᠦᠨᠡᠨᠴᠢ ᠢᠲᠡᠭᠡᠮᠵᠢ ᠲᠠᠢ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠᠯ ᠥᠪᠥᠷ ᠮᠣᠩᠭᠤᠯ ᠯᠠᠪᠲᠠᠢ ᠨᠡᠩ ᠤᠯᠠᠨ ᠪᠡᠯᠡ ᠤᠷᠤᠭᠤᠯᠤᠯᠳᠠ ᠪᠠ ᠲᠦᠷᠦᠯ ᠵᠦᠢᠯ ᠢ ᠲᠠᠳᠠᠨ ᠠᠪᠴᠢᠷᠠᠵᠤ᠂ ᠨᠡᠩ ᠤᠯᠠᠨ ᠠᠷᠠᠯᠵᠢᠶᠠᠴᠢᠨ ᠪᠠ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠬᠦᠴᠦᠲᠡᠢ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号