ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ︽ᠪᠦᠰᠡᠯᠡᠯᠲᠡ ᠰᠢᠪᠲᠤᠯᠬᠤ︾᠎ ᠶᠢ ᠴᠢᠩᠭ᠎ᠠ ᠠᠳᠬᠤᠰᠤᠭᠠᠢ
ᠨᠡᠶᠢᠲᠡᠯᠡᠭᠰᠡᠨ ᠴᠠᠭ᠄
2024/3/18
      - ︽ᠵᠢᠷᠭᠤᠭᠠᠨ ᠢᠨᠵᠧᠨᠧᠷᠢᠩ︾᠎ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠲᠤᠬᠠᠢ ᠲᠠᠪᠤᠨᠲᠠ ᠥᠭᠦᠯᠡᠬᠦ ᠨᠢ                          ᠠ ᠬᠤᠸᠠ ᠢ            ᠡᠷᠲᠡᠨ ᠤ ᠭᠷᠧᠭ ᠤᠨ ᠭᠦᠨ ᠤᠬᠠᠭᠠᠨᠲᠠᠨ ᠠᠷᠾᠢᠮᠤᠳ᠋᠄ ︽ᠲᠤᠯᠬᠤ ᠴᠡᠭ ᠪᠠᠶᠢᠬᠤ ᠳᠤ ᠭᠦᠷᠪᠡᠯ ᠪᠢ ᠳᠡᠯᠡᠬᠡᠢ ᠶᠢᠨ ᠪᠥᠮᠪᠥᠷᠴᠡᠭ ᠢ ᠬᠥᠰᠢᠨ ᠬᠥᠳᠡᠯᠭᠡᠵᠦ ᠴᠢᠳᠠᠨ᠎ᠠ︾ ᠭᠡᠵᠡᠢ᠃ ᠲᠡᠭᠡᠪᠡᠯ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠥᠰᠢᠵᠦ ᠬᠥᠳᠡᠯᠭᠡᠬᠦ ︽ᠲᠤᠯᠬᠤ ᠴᠡᠭ︾᠎ ᠨᠢ ᠶᠠᠭᠤ ᠪᠤᠢ︖ ᠭᠡᠪᠡᠯ ᠭᠠᠷᠴᠠᠭ᠎ᠠ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠰᠠᠶᠢᠲᠤᠷ ᠠᠳᠬᠤᠬᠤ ᠬᠡᠷᠡᠭᠲᠡᠢ ᠭᠡᠵᠦ ᠳᠤᠷᠠᠳᠴᠠᠢ᠂ ᠡᠨᠡ ᠨᠢ ᠪᠢᠳᠡᠨ ᠎ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠵᠢᠯ ᠤᠨ ᠬᠦᠴᠦᠯᠡᠬᠦ ᠴᠡᠭ ᠢ ᠲᠣᠳᠣᠷᠬᠠᠶᠢᠯᠠᠵᠤ ᠥᠭᠴᠡᠢ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠡᠨᠧᠷᠭᠢ ᠮᠥᠨ᠃ ᠣᠳᠣᠬᠠᠨ ᠳᠤ᠂ ᠣᠷᠣᠨ ᠳᠠᠶᠠᠭᠠᠷ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠲᠦᠷᠭᠡᠨ ᠨᠠᠶᠢᠳᠠᠪᠤᠷᠢᠵᠢᠭᠤᠯᠵᠤ᠂ ᠠᠩᠬᠠᠷᠤᠯ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠠᠶᠢᠨ᠎ᠠ᠂ ᠴᠤᠴᠠᠯᠲᠠ ᠦᠭᠡᠢ ᠤᠷᠤᠭᠰᠢᠯᠠᠵᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠬᠤ ᠳᠤ᠂ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠦᠰᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠰᠢᠪᠲᠤᠯᠤᠯᠲᠠ ᠭᠠᠷᠭᠠᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠪᠢᠳᠡ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠡᠷᠡᠮᠡᠬᠡᠶᠢᠯᠡᠨ ᠤᠷᠤᠭᠰᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠎ ᠶᠢ ᠬᠦᠯᠢᠶᠡᠰᠦᠯᠡᠵᠦ ᠪᠠᠶᠢᠭ᠎ᠠ ᠲᠣᠪᠣᠶᠢᠮ᠎ᠠ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠥᠪᠥᠷ ᠮᠣᠩᠭᠤᠯ ᠎ ᠳᠤ ᠨᠡᠭᠦᠷᠡᠰᠦ ᠤᠯᠠᠨ ᠪᠠᠶᠢᠬᠤ ᠪᠤᠯᠪᠠᠴᠤ ᠯᠠᠪ ᠨᠢᠭᠡ ᠡᠳᠦᠷ ᠮᠠᠯᠲᠠᠵᠤ ᠳᠠᠭᠤᠰᠬᠤ ᠪᠣᠯᠣᠨ᠎ᠠ᠂ ︽ᠰᠠᠯᠬᠢᠨ ᠭᠡᠷᠡᠯ︾ ᠎ ᠤᠨ ᠡᠬᠢ ᠪᠠᠶᠠᠯᠢᠭ ᠬᠢᠵᠠᠭᠠᠯᠠᠰᠢ ᠦᠭᠡᠢ ᠪᠠᠶᠢᠭ᠎ᠠ ᠪᠤᠯᠪᠠᠴᠤ ᠵᠠᠬ᠎ᠠ ᠳᠡᠯᠭᠡᠭᠦᠷ ᠤᠨ ᠬᠡᠷᠡᠭᠴᠡᠭᠡ ᠮᠡᠬᠦᠰᠳᠡᠬᠦ ᠡᠳᠦᠷ ᠴᠤ ᠪᠠᠶᠢᠬᠤ ᠶᠤᠮ᠂ ᠡᠷᠬᠡᠪᠰᠢ ᠬᠤᠯᠠ ᠶᠢ ᠬᠠᠷᠠᠵᠤ᠂ ᠡᠷᠲᠡᠬᠡᠨ ᠬᠥᠳᠡᠯᠦᠯᠴᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠲᠦᠷᠭᠡᠨ ︽ᠪᠦᠰᠡᠯᠡᠯᠲᠡ ᠰᠢᠪᠲᠤᠯᠵᠤ︾᠂ ᠰᠢᠨ᠎ᠡ ᠠᠵᠤ ᠦᠢᠯᠡᠰ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠬᠠᠶᠢᠵᠤ᠂ ᠨᠠᠩ ᠣᠯᠠᠨ ᠰᠢᠨ᠎ᠡ ᠶᠠᠰᠤ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠦᠷᠢᠯᠳᠦᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠲᠠᠯ᠎ᠠ ᠪᠠᠷ᠂ ᠬᠡᠵᠢᠶᠡᠳᠡ ᠪᠤᠰᠤᠳ ᠤᠨ ᠠᠷᠤ ᠠᠴᠠ ᠪᠣᠷᠪᠢᠳᠠᠨ ᠳᠠᠭᠠᠬᠤ ᠪᠤᠶᠤ ᠨᠡᠶᠢᠯᠡᠵᠦ ᠭᠦᠶᠦᠭᠡᠳ ᠯᠡ ᠪᠠᠶᠢᠵᠤ ᠪᠤᠯᠬᠤ ᠦᠭᠡᠢ᠂ ᠵᠤᠷᠰᠢᠯ ᠶᠣᠰᠣᠭᠠᠷ ᠪᠠᠭ᠎ᠠ ᠰᠠᠭ᠎ᠠ ᠤᠷᠤᠯᠳᠤᠬᠤ ᠨᠢ ᠨᠡᠩ ᠴᠸ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠬᠠᠭᠤᠴᠢᠨ ᠠᠷᠭ᠎ᠠ ᠪᠠᠷᠢᠯ ᠢᠶᠠᠨ ᠲᠠᠶᠠᠭᠳᠠᠵᠤ᠂ ᠬᠡᠪ ᠤᠨ ᠵᠤᠷᠰᠢᠯ ᠢ ᠵᠣᠷᠢᠭᠲᠠᠢ ᠡᠪᠳᠡᠠ᠂ ︽ᠲᠠᠪᠤᠨ ᠶᠡᠭᠡ ᠬᠦᠷᠢᠶ᠎ᠡ ᠴᠠᠷᠠᠭ᠎ᠠ︾᠂ ︽ᠨᠠᠢᠮᠠᠨ ᠶᠡᠭᠡ ᠴᠢᠭᠯᠡᠯ︾᠎ ᠤᠨ ᠲᠣᠭᠤᠷᠢᠨ ᠳᠤ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠦᠭᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠨᠢᠭᠡ ᠬᠤᠶᠠᠷ ᠲᠠᠯ᠎ᠠ ᠳᠡᠭᠡᠷ᠎ᠡ ᠠᠯᠢ ᠲᠦᠷᠭᠡᠨ ᠢᠶᠠᠷ ᠰᠢᠪᠲᠤᠯᠤᠯᠲᠠ ᠭᠠᠷᠭᠠᠨ᠂ ︽ᠡᠬᠢᠯᠡᠨ ᠭᠦᠶᠦᠮᠡᠭᠴᠡ ᠲᠦᠷᠦᠭᠦᠯᠡᠬᠦ︾᠎ ᠶᠢ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠎ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠨᠡᠩ ᠤᠯᠠᠨ ᠬᠥᠭᠵᠢᠯᠲᠡ ᠶᠢᠨ ᠦᠷ᠎ᠡ ᠪᠦᠲᠦᠮᠵᠢ ᠭᠠᠷᠭᠠᠬᠤ ᠬᠡᠷᠡᠭᠲᠡᠢ᠃      ᠨᠡᠭᠦᠷᠡᠰᠦ ᠵᠡᠷᠭᠡ ᠤᠯᠠᠮᠵᠢᠯᠠᠯᠲᠤ ᠠᠵᠤ ᠦᠢᠯᠡᠰ ᠣᠶᠤᠨᠴᠢᠯᠠᠯᠲᠠ᠂ ᠪᠣᠬᠢᠷᠳᠤᠯ ᠦᠭᠡᠶᠢᠵᠢᠯᠳᠠ ᠶᠢᠨ ᠳᠤᠮᠳᠠ ᠰᠢᠨ᠎ᠡ ᠠᠮᠢᠵᠢᠷᠠᠯ ᠤᠨ ᠬᠦᠴᠦᠨ ᠲᠠᠢ ᠪᠣᠯᠵᠤ᠂ ᠠᠮᠢᠳᠤ ᠪᠣᠳᠠᠰ ᠤᠨ ᠦᠢᠯᠡᠳᠬᠡᠯ ᠵᠡᠷᠭᠡ ᠰᠢᠨ᠎ᠡ ᠠᠵᠤ ᠦᠢᠯᠡᠰ ᠮᠡᠷᠭᠡᠵᠢᠯ ᠳᠤ ᠲᠦᠰᠢᠭᠯᠡᠨ ᠠᠵᠤ ᠦᠢᠯᠡᠰ ᠤᠨ ᠵᠢᠷᠤᠭ ᠲᠥᠰᠥᠪ ᠢᠶᠠᠨ ᠥᠷᠭᠡᠳᠬᠡᠪᠡ ᠁ ᠤᠮᠠᠷᠠᠲᠤ ᠬᠢᠯᠢ ᠶᠢᠨ ᠡᠬᠡ ᠭᠠᠵᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠨᠢ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠭᠰᠡᠨ ᠠᠮᠢᠳᠤᠯᠢᠭ ᠵᠢᠱᠢᠶ᠎ᠡ ᠮᠤᠩ ᠦᠭᠡᠢ᠃ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠎ ᠶᠢ ᠠᠳᠬᠤᠨ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠨ᠂ ᠵᠣᠷᠢᠭᠲᠠᠢ ᠪᠠᠷ ᠰᠢᠪᠲᠤᠯᠤᠯᠲᠠ ᠭᠠᠷᠭᠠᠵᠤ᠂ ᠵᠣᠷᠢᠭᠲᠠᠢ ᠬᠢᠵᠦ ᠵᠣᠷᠢᠭᠲᠠᠢ ᠡᠭᠦᠳᠦᠨ ᠪᠦᠲᠦᠭᠡᠵᠦ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠪᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠎ ᠶᠢ ᠡᠭᠦᠳᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠪᠠᠨ ᠯᠠᠪᠲᠠᠢ ᠭᠢᠯᠠᠯᠵᠠᠲᠠᠯ᠎ᠠ ᠪᠢᠴᠢᠭᠯᠡᠵᠦ ᠴᠢᠳᠠᠨ᠎ᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号