ᠲᠠᠯ᠎ᠠ ᠨᠤᠲᠤᠭ ᠤᠨ ᠰᠣᠶᠣᠯ ᠤᠨ ᠡᠬᠢ ᠪᠠᠶᠠᠯᠢᠭ ᠢᠶᠠᠷ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠶ᠎ᠠ
ᠨᠡᠶᠢᠲᠡᠯᠡᠭᠰᠡᠨ ᠴᠠᠭ᠄
2024/3/18
                 ● ᠸᠠᠩ ᠬᠠᠢ ᠷᠦᠩ      ᠤᠮᠠᠷᠠᠲᠤ ᠬᠢᠯᠢ ᠶᠢᠨ ᠰᠣᠶᠣᠯ ᠪᠣᠯ ᠥᠪᠥᠷ ᠮᠣᠩᠭᠤᠯ ᠣᠷᠣᠨ ᠤ ᠣᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠪᠠ ᠦᠢᠯᠡᠳᠦᠯᠭᠡ ᠶᠢᠨ ᠳᠤᠮᠳᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠡᠬᠡ ᠤᠯᠤᠰ ᠤᠨ ᠬᠢᠯᠢ ᠬᠢᠵᠠᠭᠠᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠨ ᠪᠠᠶᠢᠭᠤᠯᠬᠤ ᠠᠮᠢᠳᠤᠯᠢᠭ ᠦᠢᠯᠡᠳᠦᠯᠭᠡ ᠶᠢᠨ ᠳᠤᠮᠳᠠ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠬᠠᠮᠲᠤ ᠪᠠᠷ ᠪᠠᠳᠠᠷᠠᠭᠤᠯᠬᠤ ᠪᠣᠳᠠᠲᠠᠢ ᠦᠢᠯᠡᠳᠦᠯᠭᠡ ᠶᠢᠨ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠪᠠᠷ ᠭᠤᠣᠯ ᠰᠢᠵᠢᠮ ᠪᠤᠯᠭᠠᠬᠰᠠᠨ ᠢᠳᠡᠪᠬᠢᠲᠡᠢ ᠦᠢᠯᠡᠳᠦᠯᠭᠡ ᠶᠢᠨ ᠳᠤᠮᠳᠠ ᠪᠦᠷᠢᠯᠳᠦᠭᠰᠡᠨ ᠰᠣᠶᠣᠯ ᠮᠥᠨ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠎ ᠪᠠᠷ ᠡᠭᠦᠳᠦᠨ ᠪᠦᠲᠦᠭᠡᠭᠰᠡᠨ ᠰᠣᠶᠣᠯ ᠮᠥᠨ᠂ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠪᠣᠯ ᠥᠪᠥᠷ ᠮᠣᠩᠭᠤᠯ ᠤᠨ ᠭᠠᠵᠠᠷ ᠣᠷᠣᠨ ᠤ ᠰᠣᠶᠣᠯ ᠤᠨ ᠲᠡᠮᠳᠡᠭ ᠮᠥᠨ᠂ ᠥᠪᠥᠷ ᠮᠣᠩᠭᠤᠯ ᠤᠨ ᠣᠨᠴᠠᠭᠠᠢ ᠭᠠᠵᠠᠷ ᠣᠷᠣᠨ ᠤ ᠴᠢᠨᠠᠷᠲᠠᠢ ᠰᠣᠶᠣᠯ ᠤᠨ ᠲᠦᠷᠦᠯ ᠲᠡᠮᠳᠡᠭ ᠮᠥᠨ᠃ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠪᠣᠯ ᠳᠠᠷᠤᠢ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠤᠨ ᠲᠠᠨᠢᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠶᠢᠨ ᠲᠥᠯᠥᠭᠡ ᠶᠤᠮ᠂ ᠳᠠᠷᠤᠢ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠭᠡᠷᠡᠭᠲᠡᠢ ᠂ ᠳᠠᠷᠤᠢ ᠳᠡᠯᠡᠬᠡᠢ ᠳ᠋ᠠᠬᠢᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠯᠭᠡᠨ ᠦᠵᠡᠭᠦᠯᠭᠦ ᠪᠠ ᠤᠯᠠᠮᠵᠢᠯᠠᠨ ᠳᠡᠯᠭᠡᠷᠡᠭᠦᠯᠵᠦ᠂ ᠳᠡᠯᠡᠬᠡᠢ ᠶᠢᠨ ᠲᠠᠪᠴᠠᠩ ᠳᠡᠭᠡᠷ᠎ᠡ ᠳᠤᠮᠳᠠᠳᠤ ᠤᠯᠤᠰ ᠤᠨ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠳᠤᠮᠳᠠᠳᠤ ᠤᠯᠤᠰ ᠤᠨ ᠲᠠᠭᠤᠨ ᠢ ᠬᠠᠩᠭᠢᠨᠠᠭᠤᠯᠬᠤ ᠦᠢᠯᠡᠳᠦᠯᠭᠡᠵᠢᠭᠦᠯᠦᠭᠴᠢ ᠪᠤᠯᠬᠤ ᠶᠢᠨ ᠲᠥᠯᠥᠭᠡ ᠶᠤᠮ᠃            ᠲᠠᠯ᠎ᠠ ᠨᠤᠲᠤᠭ ᠤᠨ ᠰᠣᠶᠣᠯ ᠪᠣᠯ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ            ᠲᠠᠯ᠎ᠠ ᠨᠤᠲᠤᠭ ᠤᠨ ᠰᠣᠶᠣᠯ ᠪᠣᠯ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ ᠂ ᠲᠡᠭᠦᠨ ᠤ ᠭᠤᠣᠯ ᠠᠭᠤᠯᠭ᠎ᠠ ᠶᠢᠨ ᠨᠢᠭᠡ ᠮᠥᠨ᠂ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠲᠠᠯ᠎ᠠ ᠨᠤᠲᠤᠭ ᠤᠨ ᠰᠣᠶᠣᠯ ᠨᠢ ᠬᠠᠲᠤᠨ ᠭᠤᠣᠯ ᠤᠨ ᠰᠣᠶᠣᠯ᠂ ᠣᠷᠳᠣ ᠴᠠᠭᠠᠨ ᠬᠡᠷᠡᠮ ᠤᠨ ᠰᠣᠶᠣᠯ᠂ ᠲᠠᠷᠢᠶᠠᠯᠠᠬᠤ ᠰᠣᠶᠣᠯ ᠵᠡᠷᠭᠡ ᠪᠤᠰᠤᠳ ᠭᠠᠵᠠᠷ ᠣᠷᠣᠨ ᠤ ᠰᠣᠶᠣᠯ ᠲᠠᠢ ᠠᠭᠤᠰᠤᠯᠴᠠᠵᠤ᠂ ᠤᠮᠠᠷᠠᠲᠤ ᠬᠢᠯᠢ ᠶᠢᠨ ᠰᠣᠶᠣᠯ ᠢ ᠬᠠᠮᠲᠤ ᠪᠠᠷ ᠪᠤᠶ ᠪᠣᠯᠭᠠᠨ ᠪᠠᠶᠠᠯᠢᠭᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠠᠭᠤᠯᠭ᠎ᠠ ᠪᠠ ᠠᠭᠤᠯᠤᠭᠳᠠᠬᠤᠨ ᠢ ᠨᠠᠩ ᠪᠠᠶᠠᠯᠢᠭ᠂ ᠪᠦᠷᠢᠨ ᠲᠡᠭᠦᠯᠳᠡᠷ ᠪᠣᠯᠭᠠᠵᠠᠢ᠃ ᠲᠠᠯ᠎ᠠ ᠨᠤᠲᠤᠭ ᠤᠨ ᠰᠣᠶᠣᠯ ᠪᠣᠯ ᠤᠮᠠᠷᠠᠲᠤ ᠬᠢᠯᠢ ᠶᠢᠨ ᠰᠣᠶᠣᠯ ᠤᠨ ᠠᠭᠤᠯᠬᠤᠨ᠂ ᠣᠨᠴᠠᠯᠢᠭ ᠰᠢᠨᠵᠢ᠂ ᠬᠥᠭᠵᠢᠯᠲᠡ ᠶᠢᠨ ᠪᠠᠶᠢᠳᠠᠯ ᠢ ᠬᠠᠮᠤᠭ ᠠᠴᠠ ᠰᠠᠶᠢᠨ ᠲᠤᠰᠬᠠᠵᠤ ᠴᠢᠳᠠᠬᠤ ᠬᠡᠰᠡᠭ ᠮᠥᠨ᠂ ᠨᠡᠩ ᠴᠤ ᠤᠮᠠᠷᠠᠲᠤ ᠬᠢᠯᠢ ᠶᠢᠨ ᠰᠣᠶᠣᠯ ᠤᠨ ᠡᠯᠪᠡᠭ ᠳᠡᠯᠪᠡᠭ ᠲᠡᠦᠬᠡ ᠶᠢᠨ ᠬᠤᠷᠠᠮᠳᠤᠯ ᠢ ᠢᠯᠡᠷᠡᠭᠦᠯᠵᠦ ᠪᠠᠶᠢᠳᠠᠭ᠃      ᠲᠠᠯ᠎ᠠ ᠨᠤᠲᠤᠭ ᠤᠨ ᠰᠣᠶᠣᠯ ᠤᠮᠠᠷᠠᠲᠤ ᠬᠢᠯᠢ ᠶᠢᠨ ᠰᠣᠶᠣᠯ ᠤᠨ ᠤᠯᠠᠨ ᠦᠨᠳᠦᠰᠦᠲᠡᠨ ᠤ ᠶᠡᠭᠡ ᠠᠭᠤᠰᠤᠯᠴᠠᠯ ᠤᠨ ᠨᠡᠶᠢᠲᠡᠯᠢᠭ ᠣᠨᠴᠠᠯᠢᠭ ᠢ ᠬᠤᠷᠢᠶᠠᠩᠭᠤᠶᠢᠯᠠᠨ ᠲᠤᠰᠬᠠᠵᠤ ᠪᠠᠶᠢᠳᠠᠭ᠃ ᠲᠠᠯ᠎ᠠ ᠨᠤᠲᠤᠭ ᠤᠨ ᠰᠣᠶᠣᠯ ᠪᠣᠯ ᠤᠯᠠᠨ ᠦᠨᠳᠦᠰᠦᠲᠡᠨ᠂ ᠤᠯᠠᠨ ᠭᠠᠵᠠᠷ ᠣᠷᠣᠨ᠂ ᠤᠯᠠᠨ ᠰᠣᠶᠣᠯ ᠤᠨ ᠭᠡᠯᠪᠡᠷᠢ ᠪᠠᠶᠢᠳᠠᠯ ᠢᠶᠠᠷ ᠪᠦᠷᠢᠯᠳᠦᠭᠰᠡᠨ ᠨᠡᠶᠢᠯᠡᠮᠡᠯ ᠮᠠᠶ᠋ᠢᠭ ᠤᠨ ᠰᠣᠶᠣᠯ ᠪᠣᠯᠣᠨ᠎ᠠ᠃᠃      ᠲᠠᠯ᠎ᠠ ᠨᠤᠲᠤᠭ ᠤᠨ ᠰᠣᠶᠣᠯ ᠪᠣᠯ ᠤᠮᠠᠷᠠᠲᠤ ᠬᠢᠯᠢ ᠶᠢᠨ ᠰᠣᠶᠣᠯ ᠤᠶᠤᠨ ᠰᠠᠨᠠᠭᠠᠨ ᠤ ᠭᠡᠷ ᠣᠷᠣᠨ ᠢ ᠰᠠᠬᠢᠨ ᠪᠠᠷᠠᠯᠠᠭᠴᠢ ᠮᠥᠨ᠃ ᠲᠠᠯ᠎ᠠ ᠨᠤᠲᠤᠭ ᠤᠨ ᠰᠣᠶᠣᠯ ᠪᠣᠯ ᠤᠮᠠᠷᠠᠲᠤ ᠬᠢᠯᠢ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠯ ᠲᠠᠢ ᠪᠠᠶᠢᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠴᠣᠭᠴᠠᠯᠠᠨ ᠪᠠᠶᠢᠭᠤᠯᠬᠤ ᠠᠮᠢᠳᠤᠯᠢᠭ ᠦᠢᠯᠡᠳᠦᠯᠭᠡ ᠶᠢᠨ ᠳᠤᠮᠳᠠ ᠪᠦᠷᠢᠯᠳᠦᠭᠰᠡᠨ ᠰᠣᠶᠣᠯ ᠮᠥᠨ᠂ ᠤᠮᠠᠷᠠᠲᠤ ᠬᠢᠯᠢ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠪᠢᠯᠢᠭ ᠤᠨ ᠤᠭᠢ ᠪᠦᠲᠦᠭᠡᠯ ᠮᠥᠨ᠃ ᠲᠠᠯ᠎ᠠ ᠨᠤᠲᠤᠭ ᠤᠨ ᠰᠣᠶᠣᠯ ᠤᠨ ᠪᠠᠷᠢᠮᠲᠠᠯᠠᠵᠤ ᠪᠠᠶᠢᠭ᠎ᠠ ︽ᠪᠠᠶᠢᠭᠠᠯᠢ ᠶᠢ ᠡᠷᠬᠢᠮᠯᠡᠨ ᠳᠡᠭᠡᠳᠦᠯᠡᠵᠦ᠂ ᠨᠡᠭᠡᠭᠡᠯᠲᠡ ᠶᠢ ᠦᠢᠯᠡᠳᠦᠯᠭᠡᠵᠢᠭᠦᠯᠵᠦ᠂ ᠢᠲᠡᠭᠡᠯ ᠵᠢᠷᠤᠮ ᠢ ᠬᠢᠴᠢᠶᠡᠩᠭᠦᠶᠢᠯᠡᠨ ᠰᠠᠬᠢᠬᠤ︾ ᠣᠶᠢᠯᠠᠭᠠᠭᠳᠠᠬᠤᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠦᠨᠳᠦᠰᠦᠲᠡᠨ ᠤ ᠭᠠᠵᠠᠷ ᠣᠷᠣᠨ ᠳᠠᠬᠢ ᠢᠯᠡᠳᠬᠡᠬᠦ ᠪᠠ ᠦᠢᠯᠡᠳᠦᠯᠭᠡᠵᠢᠭᠦᠯᠬᠦ ᠠᠷᠭ᠎ᠠ ᠮᠠᠶ᠋ᠢᠭ ᠢ ᠰᠢᠨ᠎ᠡ ᠪᠠᠷ ᠡᠭᠦᠳᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠣᠨᠴᠠᠭᠠᠢ ᠴᠢᠨᠠᠷ ᠪᠠ ᠲᠥᠷᠥᠯᠬᠢ ᠠᠪᠢᠶᠠᠰ ᠢ ᠠᠮᠢᠳᠤᠯᠢᠭ ᠢᠶᠠᠷ ᠢᠯᠡᠷᠡᠭᠦᠯᠦᠨ ᠲᠠᠶᠢᠯᠪᠤᠷᠢᠯᠠᠪᠠ᠂ ᠡᠨᠡ ᠪᠣᠯ ᠲᠠᠯ᠎ᠠ ᠨᠤᠲᠤᠭ ᠤᠨ ᠰᠣᠶᠣᠯ ᠤᠨ ᠤᠮᠠᠷᠠᠲᠤ ᠬᠢᠯᠢ ᠶᠢᠨ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ ᠳᠤ ᠦᠵᠡᠭᠦᠯᠦᠭᠰᠡᠨ ᠡᠭᠦᠳᠦᠯᠲᠡ ᠪᠠ ᠬᠤᠪᠢ ᠨᠡᠮᠡᠷᠢ ᠪᠣᠯᠣᠨ᠎ᠠ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠤᠶᠤᠨ ᠰᠠᠨᠠᠭᠠᠨ ᠤ ᠬᠡᠪ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠭᠰᠡᠨ ᠪᠥᠭᠡᠳ ᠪᠠᠰᠠ ᠴᠤ ᠲᠠᠯ᠎ᠠ ᠨᠤᠲᠤᠭ ᠤᠨ ᠰᠣᠶᠣᠯ ᠤᠨ ᠤᠮᠠᠷᠠᠲᠤ ᠬᠢᠯᠢ ᠶᠢᠨ ᠰᠣᠶᠣᠯ ᠳᠠᠬᠢ ᠥᠪᠡᠷᠮᠢᠴᠡ ᠣᠨᠴᠠᠯᠢᠭ ᠪᠣᠯᠣᠨ᠎ᠠ᠃      ᠲᠠᠯ᠎ᠠ ᠨᠤᠲᠤᠭ ᠤᠨ ᠰᠣᠶᠣᠯ ᠤᠮᠠᠷᠠᠲᠤ ᠬᠢᠯᠢ ᠶᠢᠨ ᠰᠣᠶᠣᠯ ᠤᠨ ᠦᠨᠳᠦᠰᠦᠨ ᠵᠣᠷᠢᠭ ᠰᠠᠨᠠᠭ᠎ᠠ ᠶᠢ ᠬᠢᠴᠢᠶᠡᠩᠭᠦᠶᠢᠯᠡᠨ ᠰᠠᠬᠢᠵᠤ ᠬᠥᠭᠵᠢᠭᠦᠯᠪᠡ᠃ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠨᠢ ᠠᠵᠢᠯᠯᠠᠬᠤ ᠵᠣᠷᠢᠭ᠂ ᠴᠢᠷᠮᠠᠶᠢᠬᠤ ᠵᠣᠷᠢᠭ᠂ ᠲᠡᠰᠪᠦᠷᠢᠯᠡᠬᠦ ᠵᠣᠷᠢᠭ ᠲᠠᠢ ᠪᠠᠶᠢᠬᠤ ᠶᠢ ᠴᠢᠬᠤᠯᠠᠴᠢᠯᠠᠳᠠᠭ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠥᠪᠥᠷ ᠮᠣᠩᠭᠤᠯ ᠣᠷᠣᠨ ᠳᠠᠬᠢ ᠠᠮᠢᠳᠤᠯᠢᠭ ᠪᠣᠳᠠᠲᠤ ᠪᠠᠶᠢᠳᠠᠯ ᠮᠥᠨ᠂ ᠲᠠᠯ᠎ᠠ ᠨᠤᠲᠤᠭ ᠤᠨ ᠦᠨᠳᠦᠰᠦᠲᠡᠨ ᠤ ᠵᠣᠷᠢᠭ ᠰᠠᠨᠠᠭᠠᠨ ᠤ ᠲᠤᠬᠠᠢ ᠨᠢᠭᠡ ᠵᠦᠢᠯ ᠤᠨ ᠲᠣᠬᠢᠷᠠᠮᠵᠢᠲᠠᠢ ᠵᠦᠢᠷᠯᠡᠯ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠲᠠᠯᠪᠢᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠴᠢᠶᠠᠯᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠵᠠᠮ ᠨᠡᠭᠡᠭᠡᠨ ᠤᠷᠤᠭᠰᠢᠯᠠᠬᠤ᠂ ᠴᠤᠴᠠᠯᠲᠠ ᠦᠭᠡᠢ ᠤᠷᠤᠭᠰᠢᠯᠠᠬᠤ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠭᠦ ᠵᠣᠷᠢᠭ ᠰᠠᠨᠠᠭᠠᠨ ᠤ ᠬᠡᠪ ᠴᠢᠨᠠᠷ ᠢ ᠨᠠᠷᠢᠨ ᠣᠨᠣᠪᠴᠢᠲᠠᠢ ᠲᠠᠶᠢᠯᠪᠤᠷᠢᠯᠠᠵᠠᠢ᠂ ᠡᠨᠡ ᠪᠣᠯ ᠰᠢᠨ᠎ᠡ ᠴᠠᠭ ᠦᠶ᠎ᠡ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ᠃      ᠲᠠᠯ᠎ᠠ ᠨᠤᠲᠤᠭ ᠤᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭᠠᠨ ᠤ ᠰᠠᠭᠤᠷᠢ ᠮᠥᠨ᠃ ᠲᠠᠯ᠎ᠠ ᠨᠤᠲᠤᠭ ᠤᠨ ᠰᠣᠶᠣᠯ ᠬᠢᠭᠡᠳ ᠵᠦᠩᠶᠤᠸᠠᠨ ᠣᠷᠣᠨ ᠤ ᠰᠣᠶᠣᠯ ᠤᠷᠳᠤ ᠬᠤᠭᠤᠴᠠᠭ᠎ᠠ ᠪᠠᠷ ᠮᠥᠷᠭᠦᠯᠳᠦᠵᠦ᠂ ᠰᠣᠯᠢᠯᠴᠠᠵᠤ᠂ ᠰᠢᠩᠭᠡᠬᠡᠨ ᠠᠪᠴᠤ᠂ ᠠᠭᠤᠰᠤᠯᠴᠠᠵᠤ᠂ ᠳᠤᠮᠳᠠᠳᠤ ᠤᠯᠤᠰ ᠤᠨ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠤᠨ ᠪᠦᠷᠢᠯᠳᠦᠨ ᠪᠠᠬᠢᠵᠢᠬᠦ᠂ ᠳᠤᠮᠳᠠᠳᠤ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠤᠮᠠᠷᠠᠲᠤ ᠬᠢᠯᠢ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠲᠠᠯ᠎ᠠ ᠨᠤᠲᠤᠭ ᠤᠨ ᠰᠣᠶᠣᠯ ᠪᠣᠯ ᠤᠮᠠᠷᠠᠲᠤ ᠬᠢᠯᠢ ᠶᠢᠨ ᠭᠠᠵᠠᠷ ᠣᠷᠣᠨ ᠤ ᠤᠯᠠᠨ ᠦᠨᠳᠦᠰᠦᠲᠡᠨ ᠤ ᠶᠡᠭᠡ ᠠᠭᠤᠰᠤᠯᠴᠠᠯ᠂ ᠳᠤᠮᠳᠠᠳᠤ ᠶᠢᠨ ᠰᠣᠶᠣᠯ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠯᠠᠨ ᠡᠰᠢᠲᠦ ᠨᠢᠭᠡ ᠴᠣᠭᠴᠠᠵᠢᠯᠲᠠ ᠶᠢᠨ ᠣᠨᠴᠠᠯᠢᠭ ᠤᠨ ᠠᠮᠢᠳᠤᠯᠢᠭ ᠢᠯᠡᠷᠡᠭᠦᠯᠦᠯ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠮᠥᠨ᠃            ᠲᠠᠯ᠎ᠠ ᠨᠤᠲᠤᠭ ᠤᠨ ᠰᠣᠶᠣᠯ ᠤᠨ ᠠᠮᠢ ᠠᠬᠤᠢ ᠶᠢᠨ ᠴᠢᠨᠠᠷ ᠤᠮᠠᠷᠠᠲᠤ ᠬᠢᠯᠢ ᠶᠢᠨ ᠰᠣᠶᠣᠯ ᠳᠤ ᠥᠪᠡᠷᠮᠢᠴᠡ ᠥᠩᠭᠡ ᠪᠤᠳᠤᠭ ᠨᠡᠮᠡᠷᠢᠯᠡᠪᠡ            ᠠᠮᠢ ᠠᠬᠤᠢ ᠶᠢᠨ ᠴᠢᠨᠠᠷ ᠪᠣᠯ ᠲᠠᠯ᠎ᠠ ᠨᠤᠲᠤᠭ ᠤᠨ ᠰᠣᠶᠣᠯ ᠤᠨ ᠬᠠᠮᠤᠭ ᠤᠨ ᠢᠯᠡᠷᠬᠡᠢ ᠣᠨᠴᠠᠯᠢᠭ ᠪᠠ ᠰᠢᠨᠵᠢ ᠴᠢᠨᠠᠷ ᠪᠣᠯᠣᠨ᠎ᠠ᠃ ᠣᠨᠴᠠᠭᠠᠶ ᠣᠷᠣᠰᠢᠨ ᠠᠮᠢᠳᠤᠷᠠᠬᠤ ᠣᠷᠴᠢᠨ ᠲᠣᠭᠤᠷᠢᠨ᠂ ᠠᠮᠢᠳᠤᠷᠠᠯ ᠤᠨ ᠬᠡᠪ ᠵᠠᠭᠪᠤᠷ ᠎ ᠠᠴᠠ ᠪᠣᠯᠵᠤ᠂ ᠲᠠᠯ᠎ᠠ ᠨᠤᠲᠤᠭ ᠤᠨ ᠦᠨᠳᠦᠰᠦᠲᠡᠨ ᠡᠷᠲᠡᠨ ᠠᠴᠠ ᠪᠠᠨ ᠠᠪᠤᠭᠠᠳ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠪᠠ ᠣᠶᠤᠨ ᠰᠠᠨᠠᠭᠠᠨ ᠤ ᠢᠲᠡᠭᠡᠯ ᠪᠢᠰᠢᠷᠡᠯ᠂ ᠰᠣᠶᠣᠯ ᠤᠨ ᠰᠡᠳᠬᠢᠴᠡ᠂ ᠥᠷᠲᠡᠭ ᠤᠨ ᠣᠶᠢᠯᠠᠭᠠᠭᠳᠠᠬᠤᠨ᠂ ᠪᠣᠳᠠᠰ ᠤᠨ ᠬᠥᠭᠡᠭᠡᠴᠡᠯᠳᠦᠯ᠂ ᠭᠤᠸ᠎ᠠ ᠰᠠᠶᠢᠬᠠᠨ ᠤ ᠤᠷᠠᠯᠢᠭ ᠵᠡᠷᠭᠡ ᠡᠯ᠎ᠡ ᠳᠠᠪᠬᠤᠷᠭ᠎ᠠ ᠳᠤ ᠪᠠᠶᠢᠭᠠᠯᠢ ᠶᠢ ᠡᠷᠭᠢᠮᠯᠡᠭᠦ᠂ ᠪᠠᠶᠢᠭᠠᠯᠢ ᠳᠤ ᠵᠣᠬᠢᠴᠠᠬᠤ᠂ ᠪᠠᠶᠢᠭᠠᠯᠢ ᠶᠢ ᠭᠤᠶᠣᠯᠠᠬᠤ᠂ ᠪᠠᠶᠢᠭᠠᠯᠢ ᠲᠠᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠣᠶᠣᠯ ᠤᠨ ᠤᠯᠠᠮᠵᠢᠯᠠᠯ ᠢ ᠪᠦᠷᠢᠯᠳᠦᠭᠦᠯᠦᠭᠰᠡᠨ ᠪᠠᠶᠢᠨ᠎ᠠ᠃      ᠲᠠᠯ᠎ᠠ ᠨᠤᠲᠤᠭ ᠤᠨ ᠰᠣᠶᠣᠯ ᠳᠤ ᠠᠭᠤᠯᠤᠭᠳᠠᠵᠤ ᠪᠠᠶᠢᠭ᠎ᠠ ᠠᠮᠢ ᠠᠬᠤᠢ ᠶᠢᠨ ᠣᠶᠢᠯᠠᠭᠠᠭᠳᠠᠬᠤᠨ ᠨᠢ ᠤᠮᠠᠷᠠᠲᠤ ᠬᠢᠯᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠴᠢᠬᠤᠯᠠ ᠰᠡᠩᠬᠡᠷᠡᠭᠦᠯᠦᠯ ᠪᠠ ᠥᠯᠢᠭᠡᠷ ᠵᠢᠱᠢᠶ᠎ᠡ ᠬᠠᠩᠭᠠᠪᠠ᠃ ᠠᠮᠢ ᠠᠬᠤᠢ ᠶᠢᠨ ᠴᠢᠨᠠᠷ ᠪᠣᠯ ᠤᠮᠠᠷᠠᠲᠤ ᠬᠢᠯᠢ ᠶᠢᠨ ᠰᠣᠶᠣᠯ ᠤᠨ ᠪᠤᠰᠤᠳ ᠰᠣᠶᠣᠯ ᠠᠴᠠ ᠢᠯᠭᠠᠭᠳᠠᠬᠤ ᠴᠢᠬᠤᠯᠠ ᠪᠡᠯᠭᠡ ᠲᠡᠮᠳᠡᠭ ᠤᠨ ᠨᠢᠭᠡ ᠪᠤᠯᠬᠤ ᠪᠥᠭᠡᠳ ᠪᠠᠰᠠ ᠴᠤ ᠤᠮᠠᠷᠠᠲᠤ ᠬᠢᠯᠢ ᠶᠢᠨ ᠰᠣᠶᠣᠯ ᠤᠨ ᠠᠮᠢᠵᠢᠷᠠᠯ ᠤᠨ ᠬᠦᠴᠦᠨ ᠲᠠᠢ ᠳᠠᠪᠠᠭᠤᠯᠢᠭ ᠲᠠᠯ᠎ᠠ ᠪᠤᠯᠬᠤ ᠶᠤᠮ᠃ ᠲᠠᠯ᠎ᠠ ᠨᠤᠲᠤᠭ ᠤᠨ ᠰᠣᠶᠣᠯ ᠳᠤ ᠠᠭᠤᠯᠤᠭᠳᠠᠵᠤ ᠪᠠᠶᠢᠭ᠎ᠠ ᠠᠮᠢ ᠠᠬᠤᠢ ᠶᠢᠨ ᠣᠶᠢᠯᠠᠭᠠᠭᠳᠠᠬᠤᠨ ᠬᠢᠯᠢ ᠬᠢᠵᠠᠭᠠᠷ ᠤᠨ ᠠᠮᠤᠷ ᠲᠣᠭᠲᠠᠭᠤᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ ᠠᠬᠢᠭᠤᠯᠬᠤ᠂ ᠡᠬᠡ ᠤᠯᠤᠰ ᠤᠨ ᠤᠮᠠᠷᠠᠲᠤ ᠶᠡᠭᠡ ᠬᠠᠭᠠᠯᠭ᠎ᠠ ᠶᠢ ᠰᠠᠶᠢᠲᠤᠷ ᠰᠠᠬᠢᠬᠤ᠂ ᠨᠡᠶᠢᠰᠯᠡᠯ ᠤᠨ ᠬᠤᠳᠠ ᠶᠢᠨ ᠬᠠᠮᠠᠭᠠᠯᠠᠯᠲᠠ ᠶᠢᠨ ᠭᠤᠣᠯ ᠢ ᠰᠠᠶᠢᠲᠤᠷ ᠰᠠᠬᠢᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠬᠦ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ ᠪᠠᠶᠢᠬᠤ ᠪᠠᠷ ᠪᠠᠷᠠᠬᠤ ᠦᠭᠡᠢ ᠪᠠᠰᠠ ᠪᠦᠭᠦ ᠳᠡᠯᠡᠬᠡᠢ ᠳᠤ ᠲᠤᠯᠭᠠᠷᠠᠵᠤ ᠪᠠᠶᠢᠭ᠎ᠠ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠵᠢᠴᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠲᠣᠯᠢ᠂ ᠰᠡᠩᠬᠡᠷᠡᠭᠦᠯᠦᠯ ᠪᠠ ᠦᠯᠢᠭᠡᠷ ᠵᠢᠱᠢᠶ᠎ᠡ ᠬᠠᠩᠭᠠᠭᠰᠠᠨ ᠪᠠᠶᠢᠨ᠎ᠠ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠳᠤ ᠮᠥᠨ ᠴᠦ ᠲᠠᠯ᠎ᠠ ᠨᠤᠲᠤᠭ ᠤᠨ ᠠᠮᠢ ᠠᠬᠤᠢ ᠶᠢᠨ ᠰᠣᠶᠣᠯ ᠤᠨ ᠰᠢᠯᠢᠳᠡᠭ ᠰᠢᠮ᠎ᠡ ᠲᠡᠵᠢᠭᠡᠯ ᠢ ᠢᠯᠭᠠᠷᠠᠭᠤᠯᠵᠤ᠂ ᠰᠢᠩᠭᠡᠬᠡᠨ ᠠᠪᠬᠤ ᠴᠢᠬᠤᠯᠠᠲᠠᠢ ᠶᠤᠮ᠃      ᠲᠠᠯ᠎ᠠ ᠨᠤᠲᠤᠭ ᠤᠨ ᠰᠣᠶᠣᠯ ᠳᠤ ᠠᠭᠤᠯᠤᠭᠳᠠᠵᠤ ᠪᠠᠶᠢᠭ᠎ᠠ ᠠᠮᠢ ᠠᠬᠤᠢ ᠶᠢᠨ ᠣᠶᠢᠯᠠᠭᠠᠭᠳᠠᠬᠤᠨ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ᠂ ᠮᠠᠨ ᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠭᠤᠯᠬᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ ᠴᠢᠬᠤᠯᠠ ᠦᠵᠡᠯ ᠰᠠᠨᠠᠭᠠᠨ ᠤ ᠰᠠᠭᠤᠷᠢ ᠶᠢ ᠬᠠᠩᠭᠠᠭᠰᠠᠨ ᠪᠠᠶᠢᠨ᠎ᠠ᠃ ᠲᠠᠯ᠎ᠠ ᠨᠤᠲᠤᠭ ᠤᠨ ᠰᠣᠶᠣᠯ ᠳᠤ ᠠᠭᠤᠯᠤᠭᠳᠠᠵᠤ ᠪᠠᠶᠢᠭ᠎ᠠ ᠠᠮᠢ ᠠᠬᠤᠢ ᠶᠢᠨ ᠣᠶᠢᠯᠠᠭᠠᠭᠳᠠᠬᠤᠨ ᠨᠢ ᠬᠥᠮᠥᠰ ᠤᠨ ᠣᠶᠢᠯᠠᠭᠠᠭᠳᠠᠬᠤᠨ ᠤ ᠬᠦᠷᠢᠶᠡᠨ ᠳᠤ ᠢᠯᠡᠷᠡᠵᠦ ᠪᠠᠶᠢᠬᠤ ᠪᠠᠷ ᠪᠠᠷᠠᠬᠤ ᠦᠭᠡᠢ᠂ ᠪᠠᠰᠠ ᠤᠮᠠᠷᠠᠲᠤ ᠬᠢᠯᠢ ᠶᠢᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤ ᠲᠤᠭᠤᠰᠢᠯᠠᠭᠳᠠᠵᠤ᠂ ᠨᠢᠭᠡᠨᠲᠡ ᠬᠥᠮᠥᠰ ᠤᠨ ᠦᠶᠯᠡ ᠠᠵᠢᠯᠯᠠᠭᠠᠨ ᠤ ᠪᠠᠷᠢᠮᠵᠢᠶ᠎ᠠ ᠪᠠ ᠥᠷᠲᠡᠭ ᠤᠨ ᠬᠡᠮᠵᠢᠭᠦᠷ ᠪᠣᠯᠤᠭᠰᠠᠨ ᠪᠠᠶᠢᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ᠂ ᠪᠠᠶᠢᠭᠠᠯᠢ ᠶᠢ ᠭᠦᠨᠳᠦᠳᠭᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠤᠯᠭᠠᠬᠤ ᠴᠢᠭᠯᠡᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠵᠦ᠂ ᠪᠦᠭᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠬᠤ ᠬᠡᠷᠡᠭᠲᠡᠢ᠃            ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠤᠨ ᠦᠨ᠎ᠡ ᠥᠷᠲᠡᠭ ᠪᠠ ᠠᠴᠢ ᠬᠤᠯᠪᠣᠭᠳᠠᠯ ᠢ ᠪᠠᠶᠠᠯᠢᠭᠵᠢᠭᠤᠯᠤᠨ ᠢᠯᠡᠷᠡᠭᠦᠯᠬᠦ ᠬᠡᠷᠡᠭᠲᠡᠢ            ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ︽ᠲᠠᠪᠤᠨ ᠶᠡᠭᠡ ᠡᠭᠦᠷᠭᠡ︾ ᠎ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠵᠡᠷᠭᠡ ᠣᠨᠣᠯ ᠤᠨ ᠪᠠ ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠣᠯᠠᠨ ᠨᠡᠭᠡᠭᠡᠯᠲᠡ ᠶᠢᠨ ᠴᠢᠨᠠᠷᠲᠠᠢ ᠰᠤᠳᠤᠯᠭᠠᠨ ᠢᠶᠠᠷ ᠳᠡᠮᠵᠢᠨ᠂ ᠲᠠᠯ᠎ᠠ ᠨᠤᠲᠤᠭ ᠤᠨ ᠰᠣᠶᠣᠯ ᠤᠨ ᠳᠤᠮᠳᠠᠳᠤ ᠶᠢᠨ ᠰᠣᠶᠣᠯ ᠤᠨ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠪᠦᠷᠢᠯᠳᠦᠨ ᠬᠥᠭᠵᠢᠬᠦ ᠶᠠᠪᠤᠴᠠ ᠳᠠᠬᠢ ᠲᠡᠦᠬᠡᠨ ᠬᠤᠪᠢ ᠨᠡᠮᠡᠷᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠳᠤᠮᠳᠠᠬᠢ ᠪᠣᠳᠠᠲᠤ ᠠᠴᠢ ᠬᠤᠯᠪᠣᠭᠳᠠᠯ ᠪᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤᠮᠳᠠᠬᠢ ᠴᠢᠬᠤᠯᠠ ᠦᠨ᠎ᠡ ᠥᠷᠲᠡᠭ ᠪᠠ ᠦᠢᠯᠡᠳᠦᠯ ᠢ ᠤᠯᠠᠮ ᠨᠢᠭᠡ ᠠᠯᠬᠤᠮ ᠡᠮᠬᠢᠯᠡᠨ ᠲᠣᠳᠣᠷᠬᠠᠶᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠤᠳᠤᠯᠬᠤ ᠶᠢᠨ ᠲᠥᠯᠥᠭᠡ᠂ ᠤᠮᠠᠷᠠᠲᠤ ᠬᠢᠯᠢ ᠶᠢᠨ ᠰᠣᠶᠣᠯ ᠢ ᠰᠤᠳᠤᠯᠬᠤ᠂ ᠲᠠᠶᠢᠯᠪᠤᠷᠢᠯᠠᠬᠤ᠂ ᠤᠬᠠᠭᠤᠯᠬᠤ᠂ ᠳᠡᠯᠭᠡᠷᠡᠭᠦᠯᠬᠦ ᠳᠤ ᠥᠪᠡᠷᠮᠢᠴᠡ ᠣᠨᠴᠠᠯᠢᠭ ᠪᠦᠬᠦᠢ ᠡᠷᠳᠡᠮ ᠰᠢᠨᠵᠢᠯᠡᠭᠡᠨ ᠤ ᠬᠠᠷᠠᠭᠠᠰᠤ ᠶᠢ ᠨᠡᠭᠡᠭᠡᠨ᠎ᠡ᠃      ᠬᠤᠶᠠᠷ ᠲᠤ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠭᠢᠮᠯᠡᠭᠦ᠂ ᠲᠡᠦᠬᠡ ᠶᠢ ᠬᠦᠨᠳᠦᠳᠬᠡᠬᠦ᠂ ᠰᠢᠨᠵᠢᠯᠡᠬᠦ ᠤᠬᠠᠭᠠᠨ ᠳᠤ ᠦᠨᠡᠨᠴᠢ ᠰᠢᠳᠤᠷᠭᠤ᠂ ᠵᠣᠷᠢᠭᠲᠠᠢ ᠪᠠᠷ ᠰᠢᠨ᠎ᠡ ᠶᠢ ᠡᠭᠦᠳᠬᠦ ᠡᠷᠳᠡᠮ ᠰᠢᠨᠵᠢᠯᠡᠭᠡᠨ ᠤ ᠣᠪᠣᠷ ᠢ ᠪᠠᠷᠢᠮᠲᠠᠯᠠᠵᠤ᠂ ᠲᠠᠯ᠎ᠠ ᠨᠤᠲᠤᠭ ᠤᠨ ᠰᠣᠶᠣᠯ ᠤᠨ ᠲᠤᠰ ᠪᠡᠶ᠎ᠡ ᠶᠢᠨ ᠪᠦᠬᠦᠯᠢ ᠴᠣᠭᠴᠠ ᠶᠢᠨ ᠣᠨᠴᠠᠯᠢᠭ ᠪᠠ ᠬᠥᠭᠵᠢᠯᠲᠡ ᠬᠤᠪᠢᠰᠤᠯᠲᠠ ᠶᠢᠨ ᠵᠢᠮ᠎ᠡ ᠶᠣᠰᠣ ᠠᠴᠠ ᠭᠠᠷᠳᠠᠵᠤ᠂ ᠲᠠᠯ᠎ᠠ ᠨᠤᠲᠤᠭ ᠤᠨ ᠰᠣᠶᠣᠯ ᠤᠨ ᠠᠭᠤᠯᠤᠭᠳᠠᠬᠤᠨ᠂ ᠣᠨᠴᠠᠯᠢᠭ ᠰᠢᠨᠵᠢ᠂ ᠵᠣᠷᠢᠭ ᠰᠠᠨᠠᠭ᠎ᠠ ᠶᠢ ᠤᠯᠠᠮ ᠭᠦᠨᠵᠡᠭᠡᠢ ᠰᠤᠳᠤᠯᠬᠤ ᠶᠢᠨ ᠬᠠᠮᠲᠤ᠂ ᠤᠯᠤᠰ ᠤᠨ ᠠᠰᠢᠭ ᠲᠤᠰᠠ ᠶᠢᠨ ᠥᠨᠳᠥᠷᠴᠡ ᠠᠴᠠ ᠲᠠᠯ᠎ᠠ ᠨᠤᠲᠤᠭ ᠤᠨ ᠰᠣᠶᠣᠯ ᠤᠨ ᠥᠷᠲᠡᠭ ᠤᠨ ᠰᠢᠰᠲ᠋ᠧᠮ ᠢ ᠰᠤᠳᠤᠯᠵᠤ᠂ ᠲᠠᠯ᠎ᠠ ᠨᠤᠲᠤᠭ ᠤᠨ ᠰᠣᠶᠣᠯ ᠤᠨ ᠰᠢᠯᠢᠳᠡᠭ ᠤᠯᠠᠮᠵᠢᠯᠠᠯ ᠤᠨ ᠳᠤᠮᠳᠠ ᠠᠴᠠ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠬᠦ ᠨᠠᠩ ᠣᠯᠠᠨ ᠥᠷᠲᠡᠭ ᠤᠨ ᠣᠨᠣᠯᠵᠢᠬᠤᠨ ᠢ ᠠᠭᠤᠳᠠᠯᠤᠨ ᠪᠤᠯᠪᠠᠰᠤᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠭᠦᠨᠵᠡᠭᠡᠢ ᠠᠭᠤᠯᠤᠭᠳᠠᠬᠤᠨ ᠢ ᠪᠠᠶᠠᠯᠢᠭᠵᠢᠭᠤᠯᠤᠨ᠎ᠠ᠃      ᠭᠤᠷᠪᠠ ᠳᠤ᠂ ᠤᠤᠯ ᠤᠨ ᠰᠤᠳᠤᠯᠭᠠᠨ ᠤ ᠰᠠᠭᠤᠷᠢᠨ ᠳᠡᠭᠡᠷ᠎ᠡ᠂ ᠡᠷᠳᠡᠮ ᠰᠢᠨᠵᠢᠯᠡᠭᠡᠨ ᠤ ᠬᠠᠷᠠᠭ᠎ᠠ ᠪᠠᠨ ᠤᠯᠠᠮ ᠭᠦᠨᠵᠡᠭᠡᠶᠢᠷᠡᠭᠦᠯᠦᠨ ᠥᠷᠭᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠤᠬᠠᠭᠠᠨ᠂ ᠠᠮᠢ ᠠᠬᠤᠢ ᠶᠢᠨ ᠶᠣᠰᠣ ᠰᠤᠷᠲᠠᠬᠤᠨ ᠤ ᠤᠬᠠᠭᠠᠨ᠂ ᠠᠮᠢ ᠠᠬᠤᠢ ᠶᠢᠨ ᠠᠵᠤ ᠠᠬᠤᠢ ᠶᠢᠨ ᠤᠬᠠᠭᠠᠨ ᠤ ᠬᠠᠷᠠᠭᠠᠰᠤ ᠠᠴᠠ ᠲᠠᠯ᠎ᠠ ᠨᠤᠲᠤᠭ ᠤᠨ ᠠᠮᠢ ᠠᠬᠤᠢ ᠶᠢᠨ ᠰᠠᠭᠤᠷᠢ ᠣᠨᠣᠯ ᠤᠨ ᠰᠤᠳᠤᠯᠭᠠᠨ ᠤ ᠲᠠᠯ᠎ᠠ ᠪᠠᠷ ᠤᠮᠠᠷᠠᠲᠤ ᠬᠢᠯᠢ ᠶᠢᠨ ᠠᠮᠢ ᠠᠬᠤᠢ ᠶᠢᠨ ᠰᠣᠶᠣᠯ ᠤᠨ ᠣᠨᠣᠯ ᠤᠨ ᠰᠢᠰᠲ᠋ᠧᠮ ᠢ ᠴᠢᠷᠮᠠᠶᠢᠨ ᠪᠠᠶᠢᠭᠤᠯᠬᠤ ᠶᠢᠨ ᠬᠠᠮᠲᠤ ᠬᠡᠷᠡᠭᠯᠡᠭᠡᠨ ᠤ ᠰᠤᠳᠤᠯᠭᠠᠨ ᠤ ᠲᠠᠯ᠎ᠠ ᠪᠠᠷ ᠤᠮᠠᠷᠠᠲᠤ ᠬᠢᠯᠢ ᠶᠢᠨ ᠠᠮᠢ ᠠᠬᠤᠢ ᠵᠢᠴᠢ ᠠᠮᠢ ᠠᠬᠤᠢ ᠶᠢᠨ ᠰᠣᠶᠣᠯ ᠤᠨ ᠣᠳᠣᠬᠢ ᠪᠠᠶᠢᠳᠠᠯ᠂ ᠣᠲᠣ ᠦᠶ᠎ᠡ ᠶᠢᠨ ᠦᠨ᠎ᠡ ᠥᠷᠲᠡᠭ᠂ ᠠᠴᠢ ᠬᠤᠯᠪᠣᠭᠳᠠᠯ ᠵᠢᠴᠢ ᠬᠥᠭᠵᠢᠯᠲᠡ᠂ ᠰᠢᠨ᠎ᠡ ᠶᠢ ᠡᠭᠦᠳᠬᠦ ᠠᠷᠭ᠎ᠠ ᠪᠣᠳᠣᠯᠭ᠎ᠠ ᠶᠢ ᠤᠯᠠᠮ ᠭᠦᠨᠵᠡᠭᠡᠢ ᠰᠤᠳᠤᠯᠤᠨ᠎ᠠ᠃      ᠳᠥᠷᠪᠡ ᠳᠤ᠂ ᠤᠮᠠᠷᠠᠲᠤ ᠬᠢᠯᠢ ᠶᠢᠨ ᠦᠨᠳᠦᠰᠦᠲᠡᠨ ᠨᠦᠭᠦᠳ ᠤᠨ ᠬᠥᠭᠵᠢᠯᠲᠡ ᠶᠢᠨ ᠲᠡᠦᠬᠡᠨ ᠶᠠᠪᠤᠴᠠ ᠳᠤ ᠡᠭᠦᠳᠦᠨ ᠪᠦᠲᠦᠭᠡᠭᠰᠡᠨ ᠪᠠ ᠪᠦᠷᠢᠯᠳᠦᠭᠦᠯᠦᠭᠰᠡᠨ ᠰᠢᠯᠢᠳᠡᠭ ᠰᠣᠶᠣᠯ ᠤᠨ ᠥᠪ ᠢ ᠭᠦᠨᠵᠡᠭᠡᠢ ᠠᠭᠤᠳᠠᠯᠵᠤ᠂ ᠰᠤᠳᠤᠯᠵᠤ᠂ ᠤᠯᠠᠮᠵᠢᠯᠠᠨ ᠵᠠᠯᠭᠠᠮᠵᠢᠯᠠᠵᠤ᠂ ᠤᠯᠠᠮᠵᠢᠯᠠᠨ ᠳᠡᠯᠭᠡᠷᠡᠭᠦᠯᠦᠨ᠎ᠡ᠃ ᠡᠭᠦᠨ ᠳᠤ ᠪᠣᠳᠠᠰ ᠤᠨ ᠪᠠ ᠪᠣᠳᠠᠰ ᠤᠨ ᠪᠤᠰᠤ ᠰᠣᠶᠣᠯ ᠤᠨ ᠥᠪ ᠪᠠᠭᠲᠠᠨ᠎ᠠ᠂ ᠵᠢᠱᠢᠶᠡᠯᠡᠪᠡᠯ ᠲᠡᠦᠬᠡ ᠶᠢᠨ ᠳᠤᠷᠠᠰᠬᠠᠯᠲᠤ ᠵᠦᠢᠯ᠂ ᠦᠯᠡᠳᠡᠭᠳᠡᠯ ᠪᠠᠭᠤᠷᠢ᠂ ᠰᠤᠷᠪᠤᠯᠵᠢ ᠪᠢᠴᠢᠭ᠂ ᠠᠷᠠᠳ ᠤᠨ ᠵᠠᠩ ᠦᠢᠯᠡ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠪᠠᠭᠲᠠᠨ᠎ᠠ᠃ ᠰᠣᠶᠣᠯ ᠤᠨ ᠥᠪ ᠢ ᠵᠠᠯᠭᠠᠮᠵᠢᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠵᠠᠯᠭᠠᠮᠵᠢᠯᠠᠬᠤ ᠶᠢ ᠠᠬᠢᠭᠤᠯᠵᠤ ᠂ ᠦᠨᠳᠦᠰᠦᠲᠡᠨ ᠨᠦᠭᠦᠳ ᠤᠨ ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠦᠨ ᠠᠭᠤᠰᠤᠯᠴᠠᠭᠤᠯᠬᠤ ᠶᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ᠂ ᠰᠣᠶᠣᠯ ᠤᠨ ᠪᠠᠶᠢᠭᠤᠯᠤᠯᠲᠠ ᠶᠢ ᠠᠬᠢᠭᠤᠯᠬᠤ᠂ ᠰᠣᠶᠣᠯ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠤᠨ᠎ᠠ᠃      ᠲᠠᠪᠤ ᠳᠤ᠂ ᠲᠠᠯ᠎ᠠ ᠨᠤᠲᠤᠭ ᠤᠨ ᠦᠨᠳᠦᠰᠦᠲᠡᠨ ᠬᠢᠭᠡᠳ ᠡᠷᠭᠢᠨ ᠲᠣᠭᠤᠷᠢᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠦᠷᠭᠦᠯᠵᠢᠯᠡᠨ ᠭᠦᠨᠵᠡᠭᠡᠢ ᠰᠤᠳᠤᠯᠤᠨ᠎ᠠ᠂ ᠲᠠᠯ᠎ᠠ ᠨᠤᠲᠤᠭ ᠤᠨ ᠰᠣᠶᠣᠯ ᠤᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠣᠯᠠᠨ ᠤᠯᠤᠰ ᠤᠨ ᠰᠣᠯᠢᠯᠴᠠᠭ᠎ᠠ ᠶᠢᠨ ᠳᠤᠮᠳᠠᠬᠢ ᠠᠴᠢ ᠬᠤᠯᠪᠣᠭᠳᠠᠯ᠂ ᠦᠢᠯᠡᠳᠦᠯ ᠢ ᠤᠯᠠᠮ ᠭᠦᠨᠵᠡᠭᠡᠢ ᠠᠭᠤᠳᠠᠯᠤᠨ᠎ᠠ᠂ ᠲᠠᠯ᠎ᠠ ᠨᠤᠲᠤᠭ ᠤᠨ ᠰᠣᠶᠣᠯ ᠤᠨ ᠣᠲᠣ ᠦᠶ᠎ᠡ ᠶᠢᠨ ᠦᠨ᠎ᠡ ᠥᠷᠲᠡᠭ ᠢ ᠭᠤᠣᠯᠳᠠᠯᠭ᠎ᠠ ᠲᠠᠢ ᠵᠠᠳᠠᠯᠤᠨ ᠲᠠᠶᠢᠯᠪᠤᠷᠢᠯᠠᠵᠤ᠂ ᠬᠥᠮᠥᠨ ᠨᠡᠶᠢᠭᠡᠮ ᠤᠨ ᠦᠨ᠎ᠡ ᠥᠷᠲᠡᠭ᠂ ᠤᠯᠤᠰ ᠤᠨ ᠠᠮᠤᠷ ᠲᠦᠪᠰᠢᠨ ᠤ ᠦᠨ᠎ᠡ ᠥᠷᠲᠡᠭ᠂ ᠣᠯᠠᠨ ᠤᠯᠤᠰ ᠤᠨ ᠬᠠᠷᠢᠴᠠᠭᠠᠨ ᠤ ᠦᠨ᠎ᠡ ᠥᠷᠲᠡᠭ ᠤᠨ ᠣᠯᠠᠨ ᠲᠠᠯ᠎ᠠ ᠠᠴᠠ ᠲᠠᠯ᠎ᠠ ᠨᠤᠲᠤᠭ ᠤᠨ ᠰᠣᠶᠣᠯ ᠤᠨ ᠣᠷᠣᠨ ᠪᠦᠰᠡ ᠶᠢᠨ ᠠᠵᠤ ᠠᠬᠤᠢ ᠰᠣᠶᠣᠯ ᠤᠨ ᠪᠦᠲᠦᠭᠡᠨ ᠪᠠᠶᠢᠭᠤᠯᠤᠯᠲᠠ ᠪᠠ ᠤᠯᠤᠰ ᠤᠨ ᠭᠠᠳᠠᠭᠠᠳᠤ ᠨᠡᠭᠡᠭᠡᠯᠲᠡ ᠳᠤᠮᠳᠠᠬᠢ ᠪᠣᠳᠠᠲᠤ ᠠᠴᠢ ᠬᠤᠯᠪᠣᠭᠳᠠᠯ᠂ ᠦᠨ᠎ᠡ ᠥᠷᠲᠡᠭ ᠂ ᠳᠠᠯᠳᠠ ᠬᠦᠴᠦᠨ ᠢ ᠵᠠᠳᠠᠯᠤᠨ ᠡᠮᠬᠢᠯᠡᠵᠦ᠂ ᠬᠤᠷᠢᠶᠠᠩᠭᠤᠶᠢᠯᠠᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠤᠨ ᠦᠨ᠎ᠡ ᠥᠷᠲᠡᠭ ᠪᠠ ᠠᠴᠢ ᠬᠤᠯᠪᠣᠭᠳᠠᠯ ᠢ ᠤᠯᠠᠮ ᠪᠠᠶᠠᠯᠢᠭᠵᠢᠭᠤᠯᠤᠨ ᠢᠯᠡᠷᠡᠭᠦᠯᠦᠨ᠎ᠡ᠃      ᠵᠢᠷᠭᠤᠭ᠎ᠠ ᠳᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠣᠯ ᠤᠮᠠᠷᠠᠲᠤ ᠬᠢᠯᠢ ᠶᠢᠨ ᠰᠣᠶᠣᠯ ᠤᠨ ᠦᠨᠳᠦᠰᠦᠨ ᠠᠭᠤᠯᠭ᠎ᠠ ᠪᠤᠯᠬᠤ ᠪᠥᠭᠡᠳ ᠲᠠᠯ᠎ᠠ ᠨᠤᠲᠤᠭ ᠤᠨ ᠰᠣᠶᠣᠯ ᠤᠨ ᠰᠤᠳᠤᠯᠭᠠᠨ ᠤ ᠴᠢᠬᠤᠯᠠ ᠵᠥᠪᠯᠡᠬᠦ ᠰᠡᠳᠦᠪ ᠪᠣᠯᠣᠨ᠎ᠠ᠃ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠪᠠᠳᠠᠷᠠᠭᠤᠯᠬᠤ ᠶᠢ ᠴᠢᠨᠠᠭᠰᠢᠳᠠ ᠴᠢᠩᠭᠠᠳᠬᠠᠵᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠨ᠎ᠠ᠃       ︵ᠵᠣᠬᠢᠶᠠᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ  ᠰᠣᠶᠣᠯ ᠰᠤᠳᠤᠯᠬᠤ ᠭᠠᠵᠠᠷ ᠤᠨ ᠳᠠᠷᠤᠭ᠎ᠠ᠂ ᠰᠤᠳᠤᠯᠤᠭᠴᠢ︶            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号