| ᠯᠢ ᠬᠤᠩ ᠼᠠᠢ | ᠥᠪᠥᠷ ᠮᠣᠩᠭᠤᠯ ᠤᠨ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ | ᠪᠠᠶᠠᠯᠢᠭ ᠢ ᠭᠦᠢᠴᠡᠳ ᠠᠭᠤᠳᠠᠯᠤᠨ ᠠᠮᠢᠳᠤᠯᠢᠭ ᠢᠶᠠᠷ ᠢᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ | ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ | ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠢ ᠲᠤᠭᠤᠰᠢᠯᠠᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠣᠨ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ | ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ | ᠲᠥᠷᠬᠦ ᠶᠢ ᠨᠠᠩ ᠰᠠᠶᠢᠨ ᠱᠤᠭᠤᠨ ᠢᠯᠡᠷᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠳᠤ ᠶᠡᠷᠦᠩᠬᠡᠢ ᠲᠥᠯᠥᠪᠯᠡᠭᠡ ᠶᠢ | ᠰᠠᠶᠢᠲᠤᠷ ᠬᠢᠬᠦ ᠬᠡᠷᠡᠭᠲᠡᠢ᠃ ᠣᠷᠣᠨ ᠤ ᠳᠣᠲᠣᠷ᠎ᠠ ᠭᠠᠳᠠᠨᠠᠬᠢ ᠰᠣᠶᠣᠯ ᠤᠨ ᠰᠤᠳᠤᠯᠭᠠᠨ ᠤ ᠲᠤᠰᠬᠠᠢ ᠮᠡᠷᠭᠡᠵᠢᠯᠲᠡᠨ᠂ | ᠤᠳᠬ᠎ᠠ ᠤᠷᠠᠯᠢᠭ ᠤᠨ ᠠᠵᠢᠯᠲᠠᠨ᠂ ᠤᠬᠠᠭᠤᠯᠭ᠎ᠠ ᠶᠢᠨ ᠠᠵᠢᠯᠲᠠᠳ ᠢ ᠵᠣᠬᠢᠶᠠᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ | ᠨᠢᠭᠲᠠ ᠤᠶᠠᠯᠳᠤᠭᠤᠯᠤᠨ᠂ ᠶᠡᠷᠦᠩᠬᠡᠢ ᠲᠥᠰᠥᠪᠯᠡᠯ ᠪᠠ ᠦᠵᠦ ᠲᠥᠯᠥᠪᠯᠡᠭᠡ ᠶᠢ ᠰᠠᠶᠢᠲᠤᠷ ᠬᠢᠵᠦ᠂ ︽ᠤᠮᠠᠷᠠᠲᠤ | ᠬᠢᠯᠢ ᠶᠢᠨ ᠰᠣᠶᠣᠯ︾ ᠤᠨ ᠠᠭᠤᠯᠤᠭᠳᠠᠬᠤᠨ ᠢ ᠣᠨᠣᠪᠴᠢᠲᠠᠢ ᠪᠣᠯᠪᠠᠰᠤᠷᠠᠭᠤᠯᠤᠨ ᠬᠤᠷᠢᠶᠠᠩᠭᠤᠶᠢᠯᠠᠵᠤ᠂ ᠠᠵᠢᠯ ᠤᠨ | ᠠᠷᠭ᠎ᠠ ᠬᠡᠮᠵᠢᠶ᠎ᠡ ᠪᠠ ᠠᠴᠢᠶᠠᠯᠠᠪᠤᠷᠢ ᠶᠢ ᠳᠤᠷᠠᠳᠴᠤ᠂ ᠢᠵᠢ ᠪᠦᠷᠢᠳᠦᠭᠰᠡᠨ ᠲᠣᠭᠲᠠᠴᠠ ᠶᠢ ᠰᠤᠳᠤᠯᠵᠤ᠂ ︽ | ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ | ᠠᠭᠤᠯᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠤᠯᠠᠮᠵᠢᠯᠠᠨ ᠵᠠᠯᠭᠠᠮᠵᠢᠯᠠᠬᠤ ᠪᠠ | ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠬᠥᠭᠵᠢᠯᠲᠡ ᠶᠢᠨ ᠠᠮᠵᠢᠯᠲᠠ | ᠪᠦᠲᠦᠮᠵᠢ ᠶᠢ ᠲᠤᠰᠬᠠᠭᠰᠠᠨ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠭᠰᠠᠨ | ᠨᠡᠩ ᠤᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠥᠪᠥᠷ ᠮᠣᠩᠭᠤᠯ ᠤᠨ ᠳᠦᠷᠢ ᠲᠥᠷᠬᠦ ᠶᠢ ᠢᠯᠡᠷᠡᠭᠦᠯᠵᠦ | ᠳᠡᠶᠢᠯᠭᠦ᠂ ᠲᠥᠯᠥᠭᠡᠯᠡᠬᠦ ᠴᠢᠨᠠᠷᠲᠠᠢ ᠬᠥᠮᠥᠨ ᠪᠠ ᠬᠡᠷᠡᠭ ᠶᠠᠪᠤᠳᠠᠯ ᠢ ᠨᠡᠩ ᠤᠯᠠᠨ ᠠᠭᠤᠳᠠᠯᠵᠤ᠂ ᠰᠢᠨ᠎ᠡ ᠴᠠᠭ | ᠦᠶ᠎ᠡ ᠶᠢᠨ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠲᠡᠦᠬᠡ ᠪᠣᠯᠣᠨ ᠪᠣᠳᠠᠲᠤ | ᠠᠬᠤᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ | ᠲᠠᠷᠢᠶᠠᠯᠠᠬᠤ ᠰᠣᠶᠣᠯ᠂ ᠬᠠᠲᠤᠨ ᠭᠤᠣᠯ ᠤᠨ ᠰᠣᠶᠣᠯ᠂ ᠣᠷᠳᠣ ᠴᠠᠭᠠᠨ ᠬᠡᠷᠡᠮ ᠤᠨ ᠰᠣᠶᠣᠯ ᠵᠡᠷᠭᠡ ᠰᠣᠶᠣᠯ ᠤᠨ | ᠭᠡᠯᠪᠡᠷᠢ ᠪᠠᠶᠢᠳᠠᠯ ᠢ ᠠᠭᠤᠳᠠᠯᠤᠨ ᠡᠮᠬᠢᠳᠬᠡᠭᠰᠡᠨ ᠰᠠᠭᠤᠷᠢᠨ ᠳᠡᠭᠡᠷ᠎ᠡ᠂ ᠤᠶᠠᠯᠳᠤᠭᠤᠯᠬᠤ᠂ ᠰᠢᠨ᠎ᠡ ᠶᠢ ᠡᠭᠦᠳᠬᠦ᠂ | ᠬᠥᠭᠵᠢᠭᠦᠯᠬᠦ ᠠᠵᠢᠯ ᠢ ᠭᠦᠢᠴᠡᠳ ᠰᠠᠶᠢᠲᠤᠷ ᠬᠢᠵᠦ᠂ ᠰᠢᠨ᠎ᠡ ᠭᠡᠯᠪᠡᠷᠢ ᠰᠢᠨ᠎ᠡ ᠦᠢᠯᠡᠳᠬᠦᠨ ᠢ ᠲᠠᠰᠤᠷᠠᠯᠲᠠ ᠦᠭᠡᠢ | ᠡᠭᠦᠳᠦᠨ ᠭᠠᠷᠭᠠᠵᠤ᠂ ᠢᠯᠠᠩᠭᠤᠶ᠎ᠠ ᠤᠯᠠᠮᠵᠢᠯᠠᠯᠲᠤ ᠰᠣᠶᠣᠯ ᠤᠨ ᠭᠡᠯᠪᠡᠷᠢ ᠪᠠᠶᠢᠳᠠᠯ ᠬᠢᠭᠡᠳ ᠣᠲᠣ ᠦᠶ᠎ᠡ ᠶᠢᠨ | ᠰᠢᠨᠵᠢᠯᠡᠬᠦ ᠤᠬᠠᠭᠠᠨ ᠮᠡᠷᠭᠡᠵᠢᠯ ᠢ ᠰᠠᠶᠢᠲᠤᠷ ᠤᠶᠠᠯᠳᠤᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠣᠲᠣ | ᠦᠶ᠎ᠡ ᠶᠢᠨ ᠭᠡᠯᠪᠡᠷᠢ ᠪᠠᠶᠢᠳᠠᠯ ᠢ ᠪᠤᠶ ᠪᠤᠯᠭᠠᠬᠤ ᠬᠡᠷᠡᠭᠲᠡᠢ᠃ ᠳᠤᠮᠳᠠᠳᠤ ᠶᠢᠨ ᠰᠣᠶᠣᠯ ᠪᠣᠯᠣᠨ ᠡᠯ᠎ᠡ | ᠦᠨᠳᠦᠰᠦᠲᠡᠨ ᠤ ᠰᠣᠶᠣᠯ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠳᠤ᠂ ᠤᠯᠠᠭᠠᠨᠮᠥ᠋ᠴᠢᠷ᠂ ᠨᠠᠭᠠᠳᠤᠮ ᠵᠡᠷᠭᠡ | ᠥᠪᠥᠷ ᠮᠣᠩᠭᠤᠯ ᠤᠨ ᠭᠠᠵᠠᠷ ᠣᠷᠣᠨ ᠤ ᠣᠨᠴᠠᠯᠢᠭ ᠲᠠᠢ᠂ ᠦᠨᠳᠦᠰᠦᠲᠡᠨ ᠤ ᠣᠨᠴᠠᠯᠢᠭ ᠢ ᠢᠯᠡᠷᠡᠭᠦᠯᠵᠦ ᠴᠢᠳᠠᠬᠤ᠂ | ᠤᠯᠠᠨ ᠤ ᠠᠩᠬᠠᠷᠤᠯ ᠢ ᠲᠠᠲᠠᠭᠰᠠᠨ ᠰᠣᠶᠣᠯ ᠤᠨ ᠳᠦᠷᠢ ᠲᠥᠷᠬᠦ ᠶᠢ ᠭᠦᠢᠴᠡᠳ ᠠᠰᠢᠭᠯᠠᠵᠤ᠂ ᠤᠬᠠᠭᠤᠯᠤᠨ | ᠲᠠᠨᠢᠯᠴᠠᠭᠤᠯᠬᠤ ᠠᠵᠢᠯ ᠢ ᠭᠤᠣᠯᠳᠠᠯᠭ᠎ᠠ ᠲᠠᠢ ᠬᠢᠵᠦ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠡᠯᠧᠮᠧᠨ᠋ᠲ ᠲᠤ | ᠳᠠᠰᠤᠷᠠᠯᠳᠠ ᠦᠭᠡᠢ ᠠᠭᠤᠰᠤᠯᠴᠠᠭᠤᠯᠵᠤ᠂ ᠲᠡᠭᠦᠨ ᠢ ︽ᠤᠮᠠᠷᠠᠲᠤ ᠬᠢᠯᠢ ᠶᠢᠨ ᠰᠣᠶᠣᠯ︾ ᠤᠨ ᠭᠤᠣᠯ ᠪᠤᠯᠬᠤ | ᠲᠦᠷᠦᠯ ᠲᠡᠮᠳᠡᠭ ᠪᠤᠯᠭᠠᠬᠤ ᠬᠡᠷᠡᠭᠲᠡᠢ᠃ | ᠲᠥᠷᠥᠯ ᠲᠡᠮᠳᠡᠭ ᠢ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠣᠶᠣᠯ ᠤᠨ ᠠᠵᠢᠯᠯᠠᠭ᠎ᠠ ᠪᠠᠷ | ᠠᠴᠢᠶᠠᠯᠠᠪᠤᠷᠢ ᠪᠤᠯᠭᠠᠵᠤ᠂ ᠲᠠᠯ᠎ᠠ ᠨᠤᠲᠤᠭ ᠤᠨ ᠰᠣᠶᠣᠯ ᠤᠨ ᠨᠠᠶᠢᠷ᠂ ᠥᠪᠥᠷ ᠮᠣᠩᠭᠤᠯ ᠤᠨ ᠰᠣᠶᠣᠯ ᠤᠨ | ᠦᠵᠡᠰᠭᠦᠯᠡᠩ ᠤᠨ ᠴᠤᠭᠯᠠᠭᠠᠨ ᠵᠡᠷᠭᠡ ᠰᠣᠶᠣᠯ ᠤᠨ ᠠᠵᠢᠯᠯᠠᠭ᠎ᠠ ᠶᠢᠨ ᠠᠴᠢᠶᠠᠯᠠᠪᠤᠷᠢ ᠶᠢ ᠭᠦᠢᠴᠡᠳ ᠠᠰᠢᠭᠯᠠᠨ᠂ | ᠤᠯᠠᠮᠵᠢᠯᠠᠬᠤ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠬᠤᠭᠤᠴᠠᠭ᠎ᠠ ᠪᠦᠷᠢ ᠶᠢᠨ ᠪᠠᠶᠠᠷ | ᠳᠤᠷᠠᠰᠬᠠᠯ ᠤᠨ ᠠᠵᠢᠯᠯᠠᠭ᠎ᠠ ᠳᠠᠬᠢ ᠰᠣᠩᠭᠤᠳᠠᠭ ᠪᠦᠲᠦᠭᠡᠯ ᠢ ᠡᠮᠬᠢᠳᠬᠡᠬᠦ ᠠᠵᠢᠯ ᠢ ᠰᠠᠶᠢᠲᠤᠷ ᠬᠢᠵᠦ᠂ ᠤᠬᠠᠭᠤᠯᠤᠨ | ᠳᠡᠯᠭᠡᠷᠡᠭᠦᠯᠬᠦ ᠠᠵᠢᠯ ᠢ ᠴᠢᠩᠭᠠᠳᠬᠠᠬᠤ ᠬᠡᠷᠡᠭᠲᠡᠢ᠃ ᠣᠷᠣᠨ ᠨᠤᠲᠤᠭ ᠤᠨ ᠲᠥᠷᠥᠯ ᠲᠡᠮᠳᠡᠭ ᠢᠶᠠᠷ ᠲᠤᠯᠭᠠᠭᠤᠷᠢᠯᠠᠯ | ᠪᠤᠯᠭᠠᠵᠤ᠂ ᠵᠣᠣ ᠵᠢᠶᠦ᠋ᠨ ᠤ ᠰᠣᠶᠣᠯ ᠤᠨ ᠨᠠᠶᠢᠷ᠂ ᠯᠦ ᠴᠧᠩ ᠤᠨ ᠰᠣᠶᠣᠯ ᠤᠨ ᠨᠠᠶᠢᠷ᠂ ᠪᠣᠷᠣᠳᠣᠬᠤᠢ ᠶᠢᠨ | ᠰᠣᠶᠣᠯ ᠤᠨ ᠨᠠᠶᠢᠷ᠂ ᠲᠣᠣᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ᠂ ᠬᠤᠩᠱᠠᠨ ᠰᠣᠶᠣᠯ ᠤᠨ | ᠵᠢᠭᠤᠯᠴᠢᠯᠠᠯ ᠤᠨ ᠨᠠᠶᠢᠷ ᠵᠡᠷᠭᠡ ᠠᠶᠢᠮᠠᠭ ᠬᠤᠲᠠ ᠶᠢᠨ ᠰᠣᠶᠣᠯ ᠤᠨ ᠨᠠᠶᠢᠷ ᠤᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠨᠡᠶᠢᠯᠡᠮᠡᠯ ᠬᠦᠴᠦᠨ ᠢ ᠪᠤᠶ ᠪᠤᠯᠭᠠᠬᠤ ᠭᠡᠷᠡᠭᠳᠡᠢ᠂ | ᠪᠦᠭᠦ ᠣᠷᠣᠨ ᠤ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠲᠠ ᠶᠢᠨ ᠣᠨᠴᠠᠯᠢᠭᠲᠤ ᠲᠡᠮᠳᠡᠭ᠂ ︽ | ᠨᠠᠷᠠᠲᠤ ᠪᠠᠯᠭᠠᠰᠤ︾ ᠶᠢᠨ ᠰᠣᠶᠣᠯ ᠤᠨ ᠠᠴᠢᠶᠠᠯᠠᠬᠤ ᠪᠠ ᠤᠯᠠᠮᠵᠢᠯᠠᠬᠤ ᠴᠢᠳᠠᠮᠵᠢ ᠶᠢ ᠪᠠᠳᠠᠷᠠᠭᠤᠯᠵᠤ᠂ ᠰᠣᠶᠣᠯ ᠢᠶᠠᠷ | ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠨ᠎ᠠ᠃ ᠤᠯᠠᠨ ᠲᠦᠮᠡᠨ ᠤ | ᠣᠷᠤᠯᠴᠠᠯᠭ᠎ᠠ ᠪᠠᠷ ᠭᠤᠣᠯ ᠴᠣᠭᠴᠠ ᠪᠣᠯᠭᠠᠨ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠦᠵᠡᠵᠦ | ᠰᠣᠨᠣᠰᠬᠤ ᠳᠤᠷᠠᠲᠠᠢ᠂ ᠥᠷᠭᠡᠨ ᠢᠶᠠᠷ ᠣᠷᠤᠯᠴᠠᠬᠤ ᠰᠣᠶᠣᠯ ᠤᠨ ᠠᠵᠢᠯᠯᠠᠭ᠎ᠠ ᠶᠢ ᠢᠯᠡᠭᠦᠬᠡᠨ ᠥᠷᠨᠢᠭᠦᠯᠦᠨ᠎ᠡ᠂ ᠺᠠᠳ᠋ᠷ | ᠤᠯᠠᠨ ᠲᠦᠮᠡᠨ ᠢ ᠢᠯᠡᠭᠦᠬᠡᠨ ᠵᠣᠬᠢᠶᠠᠨ ᠪᠠᠶᠢᠭᠤᠯᠵᠤ ᠮᠦᠽᠧᠢ᠂ ᠤᠷᠠᠨ ᠵᠢᠷᠤᠭ ᠤᠨ ᠣᠷᠳᠣᠨ ᠵᠡᠷᠭᠡ ᠰᠣᠶᠣᠯ ᠤᠨ | ᠲᠠᠯᠠᠪᠤᠷ ᠢᠶᠠᠷ ᠲᠣᠭᠤᠷᠢᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠪᠡᠶᠡᠴᠢᠯᠡᠨ | ᠣᠶᠢᠯᠠᠭᠠᠬᠤ ᠲᠥᠪ ᠪᠠᠶᠢᠭᠤᠯᠬᠤ ᠶᠢ ᠪᠣᠳᠣᠯᠬᠢᠯᠠᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ︽ᠤᠮᠠᠷᠠᠲᠤ ᠬᠢᠯᠢ ᠶᠢᠨ ᠰᠣᠶᠣᠯ︾ ᠢᠶᠠᠷ ᠰᠡᠳᠬᠢᠯ ᠵᠢᠷᠦᠬᠡ ᠪᠠᠨ | ᠤᠮᠳᠠᠯᠠᠭᠤᠯᠵᠤ᠂ ᠠᠮᠠ ᠲᠠᠮᠵᠢᠨ ᠶᠠᠷᠢᠭᠳᠠᠬᠤ ᠳᠤᠮᠳᠠ ᠲᠦᠷᠦᠯ ᠲᠡᠮᠳᠡᠭ ᠢ ᠡᠭᠦᠳᠬᠦ ᠬᠡᠷᠡᠭᠲᠡᠢ᠃ | ᠰᠣᠶᠣᠯ ᠤᠨ ᠠᠵᠢᠯᠲᠠᠳ ᠢᠶᠠᠷ ᠳᠦᠷᠢ ᠲᠥᠷᠬᠦ ᠶᠢᠨ ᠡᠯᠴᠢᠨ ᠪᠤᠯᠭᠠᠵᠤ᠂ ᠤᠨᠤᠯ ᠤᠨ ᠰᠤᠳᠤᠯᠭᠠᠨ ᠤ | ᠪᠦᠯᠭᠦᠮ᠂ ᠵᠠᠭᠤᠴᠢᠯᠠᠭᠤᠷ ᠤᠨ ᠤᠬᠠᠭᠤᠯᠭ᠎ᠠ ᠶᠢᠨ ᠪᠦᠯᠭᠦᠮ᠂ ᠰᠣᠶᠣᠯ ᠤᠨ ᠵᠣᠬᠢᠶᠠᠨ ᠪᠦᠲᠦᠭᠡᠬᠦ ᠪᠦᠯᠭᠦᠮ ᠢ | ᠢᠳᠡᠪᠬᠢᠲᠡᠢ ᠬᠥᠮᠥᠵᠢᠭᠦᠯᠵᠦ᠂ ᠰᠣᠶᠣᠯ ᠤᠨ ᠨᠡᠷᠡᠳᠦ ᠬᠥᠮᠥᠨ᠂ ᠨᠡᠷᠡᠳᠦ ᠬᠥᠮᠥᠰ ᠢ ᠶᠡᠭᠡ ᠪᠠᠷ ᠬᠥᠮᠥᠵᠢᠭᠦᠯᠵᠦ᠂ | ᠦᠭᠡ ᠬᠡᠯᠡᠬᠦ ᠡᠷᠬᠡ ᠪᠠ ᠤᠯᠠᠮᠵᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠣᠶᠣᠯ ᠤᠨ ᠲᠦᠷᠦᠯ ᠲᠡᠮᠳᠡᠭ ᠢ | ᠤᠯᠠᠮᠵᠢᠯᠠᠬᠤ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ᠃ ᠰᠣᠶᠣᠯ ᠤᠨ ᠪᠦᠲᠦᠭᠡᠭᠳᠡᠬᠦᠨ ᠢᠶᠠᠷ ᠵᠠᠭᠤᠴᠢ | ᠪᠣᠯᠭᠠᠨ᠂ ᠪᠥᠵᠢᠭᠲᠦ ᠵᠦᠴᠦᠭᠡ ︽ᠮᠣᠷᠢᠲᠤ ᠴᠡᠷᠢᠭ︾᠂ ᠨᠠᠶᠢᠷᠠᠯ ᠬᠥᠭᠵᠢᠮ ︽ᠲᠤᠭ︾ ᠮᠡᠲᠦ ᠶᠢᠨ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠢᠯᠡᠭᠦᠬᠡᠨ ᠦᠢᠯᠡᠳᠴᠦ᠂ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ | ᠨᠡᠮᠡᠭᠳᠡᠭᠦᠯᠵᠦ ᠨᠡᠷ᠎ᠡ ᠠᠯᠳᠠᠷᠰᠢᠯ ᠢᠶᠠᠨ ᠨᠡᠮᠡᠭᠳᠡᠭᠦᠯᠦᠨ᠎ᠡ᠂ ᠰᠦᠯᠵᠢᠶ᠎ᠡ ᠪᠠᠷ ᠤᠯᠠᠮᠵᠢᠯᠠᠬᠤ ᠵᠢᠮ᠎ᠡ ᠶᠣᠰᠣ ᠶᠢ ᠭᠦᠨᠵᠡᠭᠡᠢ | ᠡᠵᠡᠮᠰᠢᠵᠦ᠂ ᠰᠢᠨ᠎ᠡ ᠮᠡᠷᠭᠡᠵᠢᠯ ᠰᠢᠨ᠎ᠡ ᠠᠷᠭ᠎ᠠ ᠪᠠᠷᠢᠯ ᠢ ᠥᠷᠭᠡᠨ ᠢᠶᠠᠷ ᠬᠡᠷᠡᠭᠯᠡᠨ᠂ ︽ᠤᠮᠠᠷᠠᠲᠤ ᠬᠢᠯᠢ ᠶᠢᠨ ᠰᠣᠶᠣᠯ | ︾ ᠤᠨ ᠡᠯᠧᠮᠧᠨ᠋ᠲ ᠲᠤ ᠠᠭᠤᠰᠤᠯᠴᠠᠭᠰᠠᠨ ᠰᠦᠯᠵᠢᠶᠡᠨ ᠤ ᠰᠣᠶᠣᠯ ᠤᠨ ᠪᠦᠲᠦᠭᠡᠭᠳᠡᠬᠦᠨ ᠢ ᠢᠳᠡᠪᠬᠢᠲᠡᠢ ᠵᠣᠬᠢᠶᠠᠨ | ᠪᠦᠲᠦᠭᠡᠵᠦ᠂ ᠰᠦᠯᠵᠢᠶᠡᠨ ᠳᠡᠭᠡᠷ᠎ᠡ ᠤᠯᠠᠮᠵᠢᠯᠠᠬᠤ ᠶᠢ ᠰᠠᠶᠢᠲᠤᠷ ᠬᠢᠨ᠎ᠡ᠃ | ᠭᠠᠳᠠᠭᠠᠳᠤ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃ ︽ᠣᠷᠣᠭᠤᠯᠵᠤ ᠠᠪᠴᠢᠷᠠᠬᠤ︾ ᠲᠠᠯ᠎ᠠ ᠪᠠᠷ᠂ | ᠤᠯᠤᠰ ᠤᠨ ᠲᠠᠰ ᠤᠨ᠂ ᠣᠯᠠᠨ ᠤᠯᠤᠰ ᠤᠨ ᠴᠢᠨᠠᠷᠲᠠᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠪᠠᠷ ᠳᠠᠭᠠᠭᠠᠨ ᠡᠷᠭᠢᠯᠡᠵᠦ᠂ ᠠᠵᠢᠯᠯᠠᠭ᠎ᠠ ᠶᠢᠨ | ᠵᠢᠷᠤᠭ ᠲᠥᠯᠥᠪᠯᠡᠭᠡ ᠪᠠ ᠠᠭᠤᠯᠭ᠎ᠠ ᠶᠢᠨ ᠢᠯᠡᠷᠡᠭᠦᠯᠦᠯᠲᠡ ᠶᠢᠨ ᠲᠠᠯ᠎ᠠ ᠪᠠᠷ ︽ᠤᠮᠠᠷᠠᠲᠤ ᠬᠢᠯᠢ ᠶᠢᠨ ᠰᠣᠶᠣᠯ︾ ᠤᠨ | ᠡᠯᠧᠮᠧᠨ᠋ᠲ ᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠰᠠᠭᠤᠭᠳᠠᠯ ᠢ ᠢᠯᠡᠳᠬᠡᠨ ᠦᠵᠡᠭᠦᠯᠦᠨ᠎ᠡ᠃ ︽ᠭᠠᠷᠴᠤ | ᠶᠠᠪᠤᠬᠤ︾ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠤᠳᠬ᠎ᠠ ᠤᠷᠠᠯᠢᠭ ᠤᠨ | ᠪᠦᠯᠭᠦᠮ ᠢ ᠢᠳᠡᠪᠬᠢᠲᠡᠢ ᠵᠣᠬᠢᠶᠠᠨ ᠪᠠᠶᠢᠭᠤᠯᠵᠤ ᠣᠷᠣᠨ ᠤ ᠭᠠᠳᠠᠨ᠎ᠠ᠂ ᠤᠯᠤᠰ ᠤᠨ ᠭᠠᠳᠠᠭᠠᠳᠤ ᠳᠤ ᠲᠣᠬᠯᠠᠯᠲᠠ | ᠭᠠᠷᠭᠠᠭᠤᠯᠤᠨ᠎ᠠ᠃ ᠪᠣᠭᠤᠮᠲᠠ ᠪᠣᠯᠣᠨ ᠤᠯᠠᠨ ᠤᠯᠤᠰ ᠤᠨ ᠠᠷᠠᠯᠵᠢᠶᠠᠨ ᠤ ᠶᠠᠪᠤᠯᠴᠠᠭ᠎ᠠ ᠶᠢᠨ ᠠᠵᠠ ᠲᠣᠭᠢᠶᠠᠯ ᠢ | ᠰᠠᠶᠢᠲᠤᠷ ᠠᠰᠢᠭᠯᠠᠵᠤ᠂ ᠠᠵᠤ ᠠᠬᠤᠢ ᠠᠷᠠᠯᠵᠢᠶ᠎ᠠ ᠪᠣᠯᠣᠨ ᠰᠣᠶᠣᠯ ᠤᠨ ᠰᠣᠯᠢᠯᠴᠠᠭ᠎ᠠ ᠶᠢᠨ ᠠᠭᠤᠰᠤᠯᠴᠠᠯ ᠢ | ᠠᠬᠢᠭᠤᠯᠤᠨ᠎ᠠ᠃ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ︽ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ︾ ᠶᠢ ︽ᠤᠮᠠᠷᠠᠲᠤ ᠬᠢᠯᠢ ᠶᠢᠨ ᠰᠣᠶᠣᠯ︾ ᠤᠨ ᠨᠡᠭᠦᠳᠡᠯ ᠤᠬᠠᠭᠤᠯᠭ᠎ᠠ ᠶᠢᠨ ᠲᠡᠷᠭᠡ | ᠪᠤᠯᠭᠠᠬᠤ ᠶᠢ ᠠᠬᠢᠭᠤᠯᠵᠤ᠂ ᠵᠠᠩ ᠳᠠᠳᠬᠠᠯ᠂ ᠢᠳᠡᠭᠡᠨ ᠤᠮᠳᠠᠭᠠᠨ᠂ ᠬᠤᠪᠴᠠᠰᠤ ᠵᠠᠰᠠᠯ ᠵᠡᠷᠭᠡ ᠭᠠᠵᠠᠷ ᠣᠷᠣᠨ ᠤ | ᠰᠣᠶᠣᠯ ᠪᠠ ︽ᠥᠪᠥᠷ ᠮᠣᠩᠭᠤᠯ ᠨᠡᠷᠡᠮᠵᠢᠲᠤ︾ ᠣᠨᠴᠠ ᠭᠠᠷᠤᠯᠲᠠ ᠶᠢ ᠨᠡᠶᠢᠯᠡᠭᠦᠯᠦᠨ ᠭᠠᠳᠠᠭᠰᠢ ᠲᠠᠨᠢᠯᠴᠠᠭᠤᠯᠬᠤ | ᠬᠡᠷᠡᠭᠲᠡᠢ᠃ | ᠦᠢᠯᠡᠳᠦᠯᠭᠡ ᠰᠡᠳᠬᠦᠯ ᠤᠨ ᠬᠤᠷᠢᠶ᠎ᠠ ᠶᠢᠨ ᠬᠢᠨ ᠳᠠᠪᠠᠭᠤᠯᠢᠭ ᠣᠨᠴᠠᠯᠢᠭ ᠢᠶᠠᠨ ᠭᠦᠢᠴᠡᠳ ᠪᠠᠳᠠᠷᠠᠭᠤᠯᠵᠤ᠂ | ᠬᠠᠮ ᠵᠠᠭᠤᠴᠢᠯᠠᠭᠤᠷ ᠤᠨ ᠲᠠᠪᠴᠠᠩ ᠢ ᠬᠡᠷᠡᠭᠯᠡᠵᠦ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ | ᠠᠬᠢᠭᠤᠯᠬᠤ ᠲᠠᠯ᠎ᠠ ᠪᠠᠷ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠤᠨ᠎ᠠ᠃ ᠨᠢᠭᠡ ᠳᠤ᠂ ᠲᠠᠶᠢᠯᠪᠤᠷᠢᠯᠠᠬᠤ ᠠᠵᠢᠯ ᠢ | ᠰᠠᠶᠢᠲᠤᠷ ᠬᠢᠨ᠎ᠡ᠃ ︽ᠦᠢᠯᠡᠳᠦᠯᠭᠡ︾ ᠭᠤᠣᠯ ᠰᠡᠳᠬᠦᠯ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ | ᠲᠡᠮᠳᠡᠭ ᠢ ᠡᠭᠦᠳᠬᠦ ᠶᠢᠨ ᠲᠣᠭᠤᠷᠢᠨ ᠳᠤ ᠲᠤᠰᠬᠠᠢ ᠰᠡᠳᠦᠪ ᠭᠠᠷᠭᠠᠵᠤ᠂ ᠣᠨᠣᠯ ᠤᠨ ᠲᠠᠶᠢᠯᠪᠤᠷᠢᠯᠠᠯᠲᠠ᠂ ᠲᠤᠰᠬᠠᠢ | ᠮᠡᠷᠭᠡᠵᠢᠯᠲᠡᠨ ᠤ ᠲᠠᠶᠢᠯᠤᠮᠵᠢ ᠶᠢᠨ ᠪᠤᠯᠤᠩ᠂ ᠭᠦᠨᠵᠡᠭᠡᠢ ᠰᠤᠷᠪᠤᠯᠵᠢᠯᠠᠨ ᠮᠡᠳᠡᠭᠡᠯᠡᠬᠦ ᠶᠢ ᠤᠬᠠᠭᠠᠯᠠᠵᠤ᠂ ᠣᠷᠣᠨ ᠤ | ᠳᠣᠲᠣᠨ᠎ᠠ ᠭᠠᠳᠠᠨᠠᠬᠢ ᠰᠣᠶᠣᠯ ᠤᠨ ᠬᠥᠮᠥᠰ᠂ ᠡᠷᠳᠡᠮᠲᠡᠨ ᠢ ᠤᠷᠢᠵᠤ ᠭᠦᠨᠵᠡᠭᠡᠢ ᠲᠠᠶᠢᠯᠪᠤᠷᠢᠯᠠᠭᠰᠠᠨ ᠲᠠᠶᠢᠯᠤᠮᠵᠢ ᠶᠢᠨ | ᠵᠣᠬᠢᠶᠠᠯ ᠨᠡᠶᠢᠲᠡᠯᠡᠨ᠎ᠡ᠃ ᠬᠤᠶᠠᠷ ᠲᠤ᠂ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠡ᠃ ︽ | ᠰᠤᠷᠤᠯᠴᠠᠯᠭ᠎ᠠ ᠶᠢᠨ ᠬᠦᠴᠦᠷᠬᠡᠭ ᠤᠯᠤᠰ︾ ᠥᠪᠥᠷ ᠮᠣᠩᠭᠤᠯ ᠤᠨ ᠰᠤᠷᠤᠯᠴᠠᠯᠭ᠎ᠠ ᠶᠢᠨ ᠲᠠᠪᠴᠠᠩ ᠳᠠᠬᠢ ︽ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ︾᠂ ︽ᠥᠪᠥᠷ ᠮᠣᠩᠭᠤᠯ ᠤᠨ ᠰᠠᠭᠤᠭᠳᠠᠯ︾᠂ ︽ | ᠪᠣᠯᠪᠠᠰᠤᠨ ᠥᠪᠥᠷ ᠮᠣᠩᠭᠤᠯ︾᠂ ︽ᠥᠪᠥᠷ ᠮᠣᠩᠭᠤᠯ ᠤᠨ ᠳᠤᠷᠠᠰᠤᠮᠵᠢ︾ ᠶᠢ ᠨᠡᠶᠢᠳᠬᠡᠵᠦ ︽ᠤᠮᠠᠷᠠᠲᠤ | ᠬᠢᠯᠢ ᠶᠢᠨ ᠰᠣᠶᠣᠯ︾ ᠤᠨ ᠲᠤᠰᠬᠠᠢ ᠪᠤᠯᠤᠩ ᠪᠤᠯᠭᠠᠵᠤ᠂ ᠪᠦᠭᠦ ᠣᠷᠣᠨ ᠤ ︽ᠤᠮᠠᠷᠠᠲᠤ ᠬᠢᠯᠢ ᠶᠢᠨ ᠰᠣᠶᠣᠯ︾ | ᠤᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠠᠮᠢᠳᠤᠯᠢᠭ ᠦᠢᠯᠡᠳᠦᠯᠭᠡ ᠪᠠ ᠦᠷ᠎ᠡ ᠪᠦᠲᠦᠭᠡᠯ | ᠲᠤᠷᠰᠢᠯᠭ᠎ᠠ ᠶᠢ ᠲᠥᠪᠯᠡᠷᠡᠭᠦᠯᠦᠨ ᠤᠬᠠᠭᠤᠯᠤᠨ᠎ᠠ᠃ ᠪᠦᠭᠦ ᠤᠯᠤᠰ ᠤᠨ ᠡᠯ᠎ᠡ ᠮᠤᠵᠢ ᠶᠢᠨ ᠲᠠᠰ ᠤᠨ ᠲᠠᠪᠴᠠᠩ ᠢ | ᠤᠷᠢᠵᠤ ︽ᠥᠪᠥᠷ ᠮᠣᠩᠭᠤᠯ ᠳᠤ ᠢᠷᠡᠭᠡᠷᠡᠢ᠂ ᠰᠠᠶᠢᠬᠠᠨ ᠰᠠᠭᠤᠭᠳᠠᠯ ᠦᠯᠡᠳᠡᠭᠡᠬᠦ ᠨᠢ ᠯᠠᠪᠲᠠᠢ︾ ᠭᠡᠬᠦ ᠭᠤᠣᠯ | ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠦᠨ᠎ᠡ᠃ ᠰᠡᠳᠬᠦᠯ ᠤᠨ ᠬᠤᠷᠢᠶ᠎ᠠ᠂ | ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠶᠡᠷᠦᠩᠬᠡᠢ ᠲᠠᠪᠴᠠᠩ ᠤᠨ ᠪᠠᠶᠢᠭᠤᠯᠤᠭᠰᠠᠨ ᠬᠠᠮᠲᠤᠷᠠᠯᠴᠠᠭᠠᠨ ᠤ | ᠲᠣᠭᠲᠠᠴᠠ ᠶᠢ ᠠᠰᠢᠭᠯᠠᠵᠤ᠂ ᠬᠠᠮᠤᠭ ᠤᠨ ᠲᠦᠷᠦᠭᠦᠨ ᠳᠤ ᠰᠢᠯᠢᠳᠡᠭ ᠪᠦᠲᠦᠭᠡᠯ ᠢ ᠲᠠᠨᠢᠯᠴᠠᠭᠤᠯᠵᠤ᠂ ᠨᠡᠩ ᠶᠡᠭᠡ | ᠬᠡᠪᠴᠢᠶᠡᠨ ᠳᠤ ᠥᠪᠥᠷ ᠮᠣᠩᠭᠤᠯ ᠢ ᠤᠬᠠᠭᠤᠯᠤᠨ᠎ᠠ᠃ ᠭᠤᠷᠪᠠ ᠳᠤ᠂ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠬᠦ | ᠬᠡᠷᠡᠭᠲᠡᠢ᠃ ︽ᠲᠠᠨᠢᠯᠲᠠ︾ ᠶᠢᠨ ᠪᠤᠯᠤᠩ ᠳᠤ ᠰᠠᠷ᠎ᠠ ᠪᠦᠷᠢ 2 ᠠᠴᠠ 3 ᠬᠤᠪᠢ ᠰᠣᠶᠣᠯ ᠤᠨ ᠭᠤᠣᠯ ᠰᠡᠳᠦᠪᠲᠦ | ᠰᠦᠯᠵᠢᠶᠡᠨ ᠤ ᠦᠨᠡᠯᠡᠯᠲᠡ ᠶᠢ ᠨᠡᠶᠢᠲᠡᠯᠡᠨ᠎ᠡ᠃ ᠨᠠᠮ ᠤᠨ ᠰᠡᠳᠬᠦᠯ ᠤᠨ IP ᠳᠦᠷᠢ ᠲᠥᠷᠬᠦ ᠶᠢ ᠰᠢᠨ᠎ᠡ ᠪᠠᠷ | ᠥᠭᠡᠷᠡᠴᠢᠯᠡᠨ ᠵᠢᠷᠤᠵᠤ ᠲᠥᠯᠥᠪᠯᠡᠵᠦ᠂ ︽ᠤᠮᠠᠷᠠᠲᠤ ᠬᠢᠯᠢ ᠶᠢᠨ ᠰᠣᠶᠣᠯ︾ ᠤᠨ ᠡᠯᠧᠮᠧᠨ᠋ᠲ ᠲᠤ ᠠᠭᠤᠰᠬᠠᠵᠤ᠂ | ᠰᠢᠷᠢᠰ ᠤᠷᠳᠤ ᠵᠢᠷᠤᠭ᠂ ᠺᠠᠷᠲ᠋ᠣᠨ ᠵᠢᠷᠤᠭ ᠢ ᠦᠷᠭᠦᠯᠵᠢᠯᠡᠨ ᠨᠡᠶᠢᠲᠡᠯᠡᠨ᠎ᠡ᠃ ᠰᠡᠳᠬᠦᠯ ᠤᠨ ᠬᠤᠷᠢᠶ᠎ᠠ ᠪᠣᠯᠣᠨ | ᠪᠡᠭᠡᠵᠢᠩ ᠶᠡᠭᠡ ᠰᠤᠷᠭᠠᠭᠤᠯᠢ ᠶᠢᠨ ᠶᠠᠨ ᠶᠤᠸᠠᠨ ᠬᠡᠪᠯᠡᠯ ᠤᠨ ᠬᠤᠷᠢᠶ᠎ᠠ ᠶᠢᠨ ᠬᠠᠮᠲᠤᠷᠠᠨ ᠡᠷᠭᠢᠯᠡᠭᠰᠡᠨ ︽ᠤᠯᠠᠨ | ᠲᠦᠮᠡᠨ ᠤ ᠤᠷᠠᠨ ᠪᠢᠴᠢᠯᠭᠡ︾ ᠪᠠᠷ ᠠᠴᠢᠶᠠᠯᠠᠪᠤᠷᠢ ᠪᠤᠯᠭᠠᠵᠤ᠂ ᠲᠤᠰᠬᠠᠢ ᠰᠡᠳᠦᠪᠲᠦ ᠤᠬᠠᠭᠠᠯᠠᠭ᠎ᠠ ᠬᠢᠵᠦ᠂ ᠨᠡᠷᠡᠳᠦ | ᠤᠷᠠᠯᠢᠭᠴᠢᠨ ᠢ ᠥᠪᠥᠷ ᠮᠣᠩᠭᠤᠯ ᠳᠤ ᠤᠷᠢᠨ ᠢᠷᠡᠭᠦᠯᠵᠦ ᠵᠣᠬᠢᠶᠠᠨ ᠪᠦᠲᠦᠭᠡᠵᠦ᠂ ᠤᠷᠠᠨ ᠪᠢᠴᠢᠯᠭᠡ ᠪᠣᠯᠣᠨ ᠤᠷᠠᠨ | ᠵᠢᠷᠤᠭ ᠤᠨ ᠭᠡᠯᠪᠡᠷᠢ ᠪᠠᠷ ︽ᠤᠮᠠᠷᠠᠲᠤ ᠬᠢᠯᠢ ᠶᠢᠨ ᠰᠣᠶᠣᠯ︾ ᠢ ᠳᠡᠯᠭᠡᠨ ᠦᠵᠡᠭᠦᠯᠵᠦ ᠪᠣᠯᠣᠨ᠎ᠠ᠃ | ︵ᠵᠣᠬᠢᠶᠠᠭᠴᠢ᠄ ᠦᠢᠯᠡᠳᠦᠯᠭᠡ ᠰᠡᠳᠬᠦᠯ ᠤᠨ ᠬᠤᠷᠢᠶ᠎ᠠ ᠶᠢᠨ | ᠨᠠᠮ ᠤᠨ ᠬᠤᠷᠢᠶ᠎ᠠ ᠶᠢᠨ ᠱᠦᠵᠢ᠂ ᠬᠤᠷᠢᠶᠠᠨ ᠤ ᠳᠠᠷᠤᠭ᠎ᠠ︶ | | |