ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠦᠳᠦᠮᠵᠢᠳᠡᠢ ᠠᠷᠭ᠎ᠠ ᠠᠪᠴᠠᠯ ᠢᠶᠠᠷ ᠡᠪᠡᠳᠴᠢᠲᠡᠨ ᠤ ᠡᠪᠡᠳᠴᠢᠨ ᠦᠵᠡᠭᠦᠯᠭᠦ ᠳᠤ ᠳᠦᠭᠦᠮ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/3/18
ᠨᠠᠷᠠᠨ᠎ᠠ᠂ ᠡᠷᠳᠡᠨᠢᠬᠦᠦ            ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ︽ᠡᠪᠡᠳᠴᠢᠲᠡᠨ ᠢᠶᠠᠷ ᠭᠤᠣᠯ ᠪᠤᠯᠭᠠᠵᠤ᠂ ᠶᠠᠰᠤ ᠴᠢᠨᠠᠷ ᠢᠶᠠᠷ ᠭᠤᠣᠯ ᠪᠤᠯᠭᠠᠬᠤ︾ ᠡᠮᠨᠡᠯᠭᠡ ᠶᠢᠨ ᠬᠤᠷᠢᠶ᠎ᠠ ᠡᠷᠭᠢᠯᠡᠭᠦ ᠴᠢᠭᠯᠡᠯᠲᠡ ᠶᠢ ᠪᠠᠷᠢᠮᠲᠠᠯᠠᠨ᠂ ᠠᠷᠠᠳ ᠣᠯᠠᠨ ᠤ ᠡᠪᠡᠳᠴᠢᠨ ᠦᠵᠡᠭᠦᠯᠵᠦ ᠡᠮᠨᠡᠭᠦᠯᠭᠦ ᠲᠠᠯ᠎ᠠ ᠪᠠᠷ ᠬᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠴᠢᠭᠯᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠨᠳᠥᠷ ᠪᠦᠲᠦᠮᠵᠢᠲᠡᠶ ᠴᠢᠨᠠᠷ ᠰᠠᠶᠢᠲᠠᠢ ᠡᠮᠴᠢᠯᠡᠭᠡᠨ ᠤ ᠣᠷᠴᠢᠨ ᠲᠣᠭᠤᠷᠢᠨ ᠢ ᠪᠤᠶ ᠪᠣᠯᠭᠠᠨ᠂ ᠡᠮᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠤ᠂ ᠡᠪᠡᠳᠴᠢᠲᠡᠨ ᠤ ᠡᠪᠡᠳᠴᠢᠨ ᠦᠵᠡᠭᠦᠯᠭᠦ ᠳᠤ ᠨᠠᠩ ᠳᠥᠭᠦᠮ ᠦᠵᠡᠭᠦᠯᠪᠡ᠃      2023 ᠣᠨ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ᠪᠠᠷ ᠬᠠᠷᠠᠯᠲᠠ ᠪᠠᠨ ᠪᠤᠯᠭᠠᠵᠤ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠ᠃ ᠪᠦᠭᠦ ᠡᠮᠨᠡᠯᠭᠡ ᠶᠢᠨ ᠬᠤᠷᠢᠶᠠᠨ ᠤ ᠰᠤᠪᠢᠯᠠᠭᠴᠢ ᠶᠢ ᠰᠢᠯᠭᠠᠨ ᠬᠢᠨᠠᠵᠤ ᠦᠨᠡᠯᠡᠨ ᠵᠢᠱᠢᠵᠦ᠂ ᠴᠢᠳᠠᠪᠤᠷᠢᠲᠠᠨ ᠤ ᠪᠦᠲᠦᠴᠡ ᠶᠢ ᠰᠢᠯᠢᠳᠡᠭᠵᠢᠭᠦᠯᠦᠨ᠂ ᠰᠤᠪᠢᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ︽ᠤᠷᠢᠵᠤ ᠠᠪᠴᠢᠷᠠᠬᠤ ᠂ ᠭᠠᠳᠠᠭᠰᠢ ᠭᠠᠷᠬᠤ︾ ᠠᠷᠭ᠎ᠠ ᠮᠠᠶ᠋ᠢᠭ ᠢ ᠠᠪᠴᠤ᠂ ᠲᠤᠰᠬᠠᠢ ᠮᠡᠷᠭᠡᠵᠢᠯᠲᠡᠨ ᠵᠢᠴᠢ ᠨᠠᠷᠠᠲᠤ ᠠᠬᠠᠮᠠᠳ ᠬᠢᠲᠠᠳ ᠡᠮᠨᠡᠯᠭᠡ ᠶᠢᠨ ᠳ᠋ᠣᠺᠲ᠋ᠣᠷ ᠢ ᠤᠷᠢᠵᠤ ᠲᠠᠭᠠᠨ ᠰᠤᠷᠬᠤ᠂ ᠮᠡᠰᠡ ᠵᠠᠰᠠᠯ ᠢ ᠵᠢᠯᠣᠭᠤᠳᠤᠭᠤᠯᠬᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠡᠮᠴᠢ ᠶᠢ ᠲᠣᠮᠢᠯᠠᠨ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠳᠤ ᠳᠠᠪᠲᠠᠨ ᠪᠤᠯᠪᠠᠰᠤᠷᠠᠭᠤᠯᠬᠤ᠂ ︽ᠴᠢᠳᠠᠪᠤᠷᠢ ᠪᠠᠨ ᠳᠡᠭᠡᠭᠰᠢᠯᠡᠭᠦᠯᠭᠦ︾ ᠪᠠ ︽ᠭᠠᠳᠠᠭᠠᠳᠤ ᠬᠦᠴᠦᠨ ᠢ ᠠᠰᠢᠭᠯᠠᠬᠤ︾ ᠎ ᠶᠢ ᠵᠡᠷᠭᠡ ᠪᠠᠷ ᠶᠠᠪᠤᠭᠳᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠣᠳᠣᠬᠠᠨ ᠪᠤᠯᠲᠠᠯ᠎ᠠ᠂ ᠡᠭᠦᠳᠡᠨ ᠡᠮᠨᠡᠯᠭᠡ ᠳᠤ ᠡᠮᠨᠡᠭᠦᠯᠦᠭᠰᠡᠨ ᠬᠥᠮᠥᠨ 98341᠎ ᠳᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12467 ᠬᠥᠮᠥᠨ ᠨᠡᠮᠡᠭᠳᠡᠵᠡᠢ᠃      
 
ᠢᠷᠡᠯᠲᠡ᠄ ᠪᠠᠶᠠᠨᠬᠤᠲᠠ ᠶᠢᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号