ᠪᠠᠢ ᠬᠠᠢ ᠯᠢᠨ ᠠᠯᠠᠱᠠ ᠵᠡᠭᠦᠨ ᠬᠤᠰᠢᠭᠤ ᠪᠣᠯᠣᠨ ᠡᠵᠡᠨ᠎ᠡ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/18
              3 ᠰᠠᠷ᠎ᠠ ᠶᠢᠨ 6᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠠᠯᠠᠱᠠ ᠵᠡᠭᠦᠨ ᠬᠤᠰᠢᠭᠤᠨ ᠤ ᠬᠤᠶᠢᠲᠤ ᠬᠡᠰᠡᠭ ᠪᠠ ᠡᠵᠡᠨ᠎ᠡ ᠬᠤᠰᠢᠭᠤᠨ ᠳᠤ ᠬᠦᠷᠴᠦ᠂ ᠬᠠᠪᠤᠷ ᠤᠨ ᠤᠯᠠᠷᠢᠯ ᠤᠨ ᠭᠠᠩ ᠬᠠᠭᠰᠠᠷᠠᠭᠠᠨ ᠲᠠᠢ ᠲᠡᠮᠡᠴᠡᠬᠦ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠷᠥᠰᠥ ᠰᠢᠷᠣᠢ ᠶᠢ ᠬᠠᠮᠠᠭᠠᠯᠠᠨ ᠬᠢᠯᠢ ᠬᠢᠵᠠᠭᠠᠷ ᠢ ᠬᠠᠮᠠᠭᠠᠯᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃
      ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤ ᠶᠢᠨ ᠰᠢᠨᠢᠤᠰᠤ ᠭᠠᠴᠠᠭ᠎ᠠ ᠶᠢᠨ ᠬᠠᠰᠪᠠᠭᠠᠨ ᠤ ᠭᠡᠷ ᠲᠤ᠂ ᠪᠠᠢ ᠬᠠᠢ ᠯᠢᠨ ᠮᠠᠯᠴᠢᠳ ᠲᠠᠢ ᠳᠣᠲᠣᠨᠣ ᠪᠠᠷ ᠶᠠᠷᠢᠯᠴᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠶᠢᠨ ᠨᠥᠭᠡᠴᠡᠯᠡᠯ᠂ ᠬᠤᠷᠠᠭ᠎ᠠ ᠲᠣᠰᠴᠤ ᠪᠣᠶᠢᠵᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠠᠯᠠᠱᠠ ᠳᠤ ᠭᠠᠩ ᠬᠠᠭᠤᠷᠠᠢ ᠪᠣᠷᠣᠭᠠᠨ ᠪᠠᠭ᠎ᠠ ᠪᠠᠶᠢᠳᠠᠭ ᠪᠣᠯᠬᠤᠷ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠳᠤ ᠰᠠᠭᠤᠷᠢᠯᠠᠨ᠂ ᠤᠷᠢᠳᠴᠢᠯᠠᠨ ᠲᠥᠰᠥᠯ ᠭᠠᠷᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠵᠤ᠂ ᠡᠪᠡᠰᠦ ᠪᠣᠷᠳᠤᠭ᠎ᠠ ᠶᠢ ᠨᠥᠭᠡᠴᠡᠯᠡᠨ ᠬᠦᠷᠭᠡᠬᠦ ᠪᠠ ᠦᠨ᠎ᠡ ᠬᠠᠩᠰᠢ ᠶᠢ ᠲᠡᠩᠴᠡᠭᠦᠯᠬᠦ ᠲᠣᠭᠲᠠᠴᠠ ᠶᠢ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠨ ᠢ ᠬᠠᠪᠰᠤᠷᠤᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠪᠣᠯᠣᠨ ᠡᠵᠡᠩᠨᠡᠯᠲᠡ ᠶᠢᠨ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠢ ᠭᠡᠵᠡᠢ᠃       ᠢᠩᠭᠡᠨ ᠰᠤᠮᠤ ᠶᠢᠨ ᠳᠠᠯᠠᠨᠲᠦ᠋ᠷᠦᠭᠦᠦ ᠭᠠᠴᠠᠭ᠎ᠠ ᠶᠢᠨ ᠠᠯᠲᠠᠨᠰᠤᠪᠤᠳ ᠤᠨ ᠭᠡᠷ ᠲᠤ᠂ ᠪᠠᠢ ᠬᠠᠢ ᠯᠢᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠪᠣᠯᠣᠨ ᠬᠤᠣᠷᠲᠤ ᠡᠪᠡᠰᠦ ᠶᠢ ᠰᠡᠷᠭᠡᠶᠢᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠄ ︽ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠬᠤᠲᠢᠩᠭᠡᠷ ᠡᠪᠡᠰᠦ ᠵᠡᠷᠭᠡ ᠬᠤᠣᠷᠲᠤ ᠡᠪᠡᠰᠦ ᠶᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠠᠩ ᠬᠦᠴᠦᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠤᠣᠷᠲᠤ ᠡᠪᠡᠰᠦᠨ ᠤ ᠳᠡᠯᠭᠡᠷᠡᠬᠦ᠂ ᠮᠠᠯ ᠤᠨᠤᠭ᠎ᠠ ᠶᠢᠨ ᠬᠤᠬᠢᠷᠠᠯ ᠎ ᠢ ᠰᠡᠷᠭᠡᠶᠢᠯᠡᠨ ᠬᠤᠷᠢᠭᠯᠠᠵᠤ᠂ ᠮᠠᠯᠴᠢᠨ ᠲᠠᠷᠢᠶᠠᠴᠢᠨ ᠤ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠢ︾ ᠭᠡᠵᠡᠢ᠃       ᠥᠯᠵᠡᠢ ᠰᠤᠮᠤ ᠶᠢᠨ ᠥᠨᠳᠥᠷ ᠮᠣᠳᠣ ᠭᠠᠴᠠᠭ᠎ᠠ ᠶᠢᠨ ᠬᠢᠯᠢ ᠶᠢᠨ ᠰᠠᠬᠢᠭᠴᠢ ᠡᠷᠦᠬᠡ ᠪᠠᠲᠤᠪᠠᠭᠠᠨ᠎ᠠ ᠶᠢᠨ ᠭᠡᠷ ᠲᠤ᠂ ᠪᠠᠢ ᠬᠠᠢ ᠯᠢᠨ ᠮᠠᠯᠴᠢᠳ ᠤᠨ ᠣᠷᠣᠯᠭ᠎ᠠ᠂ ᠴᠢᠨ᠋ᠸ᠎ᠠ ᠶᠢᠨ ᠭᠠᠮᠰᠢᠭ ᠲᠤ ᠳᠠᠭᠠᠷᠢᠭᠳᠠᠭᠰᠠᠨ ᠪᠠ ᠬᠢᠯᠢ ᠶᠢᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠵᠤ᠄ ︽ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠢᠯᠢ ᠶᠢᠨ ᠰᠤᠮᠤ ᠪᠠᠯᠭᠠᠰᠤ ᠶᠢᠨ ᠬᠢᠨ ᠬᠢᠯᠢ ᠶᠢᠨ ᠲᠣᠣᠷ ᠤᠨ ᠬᠦᠷᠢᠶ᠎ᠡ ᠵᠡᠷᠭᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠶᠢᠨ ᠬᠠᠮᠢᠶᠠᠷᠤᠯᠲᠠ ᠬᠠᠮᠠᠭᠠᠯᠠᠯᠲᠠ ᠪᠣᠯᠣᠨ ᠲᠣᠭᠤᠷᠢᠨ ᠴᠠᠭᠳᠠᠵᠤ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠬᠢᠯᠢ ᠶᠢ ᠰᠠᠬᠢᠵᠤ ᠪᠠᠶᠢᠭ᠎ᠠ ᠡᠷᠦᠬᠡ ᠶᠢᠨ ᠴᠢᠨ᠋ᠸ᠎ᠠ ᠶᠢᠨ ᠰᠦᠷᠦᠭ ᠤᠨ ᠳᠠᠭᠠᠷᠢᠯᠲᠠ ᠶᠢᠨ ᠲᠦᠢᠪᠡᠭᠡᠯᠭᠡ ᠵᠡᠷᠭᠡ ᠭᠡᠨᠡᠳᠲᠡ ᠶᠢᠨ ᠠᠳᠡᠯ ᠤᠨ ᠣᠷᠣᠯᠭ᠎ᠠ ᠶᠢ ᠪᠠᠭᠠᠰᠬᠠᠬᠤ ᠬᠡᠷᠡᠭᠲᠡᠢ᠃ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠬᠤ ᠪᠠ ᠬᠥᠳᠡᠯᠦᠩᠭᠦᠢ ᠪᠠᠷ ᠬᠢᠨᠠᠨ ᠬᠡᠮᠵᠢᠬᠦ ᠶᠢ ᠦᠷᠭᠦᠯᠵᠢᠯᠡᠨ ᠰᠠᠶᠢᠲᠤᠷ ᠬᠢᠵᠦ᠂ ᠭᠠᠮᠰᠢᠭ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠲᠡᠳᠬᠦᠨ ᠳᠡᠮᠵᠢᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠰᠤᠳᠤᠯᠵᠤ᠂ ᠬᠢᠯᠢ ᠬᠠᠮᠠᠭᠠᠯᠠᠭᠴᠢ ᠶᠢᠨ ᠣᠯᠭᠤᠮᠵᠢ ᠪᠠ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠬᠢᠯᠢ ᠶᠢᠨ ᠠᠷᠠᠳ ᠵᠡᠷᠭᠡ ᠳᠦᠷᠢᠮ ᠢ ᠰᠦᠪᠡᠭᠴᠢᠯᠡᠨ ᠪᠠᠶᠢᠭᠤᠯᠵᠤ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠪᠠᠶᠠᠵᠢᠭᠤᠯᠤᠨ ᠬᠢᠯᠢ ᠬᠢᠵᠠᠭᠠᠷ ᠢ ᠬᠥᠭᠵᠢᠭᠦᠯᠬᠦ ᠶᠢ ᠠᠬᠢᠭᠤᠯᠬᠤ ᠬᠡᠷᠡᠭᠲᠡᠢ︾ ᠭᠡᠵᠡᠢ᠃       ᠡᠵᠡᠨ᠎ᠡ ᠬᠤᠰᠢᠭᠤᠨ ᠤ ᠥᠩᠲᠤᠭᠤᠤᠯ ᠰᠤᠮᠤ ᠳᠤ᠂ ᠪᠠᠢ ᠬᠠᠢ ᠯᠢᠨ ᠪᠠᠶᠠᠨᠭᠤᠣᠯ ᠭᠠᠴᠠᠭ᠎ᠠ ᠶᠢᠨ ᠮᠠᠯᠴᠢᠨ ᠴᠢᠯᠠᠭᠤᠨᠪᠠᠲᠤ ᠶᠢ ᠡᠷᠬᠢᠨ ᠦᠵᠡᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠢᠯᠢ ᠶᠢᠨ ᠲᠣᠮᠢᠯᠠᠭᠰᠠᠨ ᠰᠠᠯᠪᠤᠷᠢ ᠳᠤ ᠬᠦᠷᠴᠦ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠢᠶ᠎ᠠ ᠪᠦᠬᠦᠢ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ ᠳᠠᠷᠠᠭ᠎ᠠ ᠨᠢ᠂ ᠪᠠᠢ ᠬᠠᠢ ᠯᠢᠨ ᠴᠠᠭ ᠠᠭᠤᠷ ᠤᠨ ᠦᠷᠳᠡᠭᠡ ᠳᠤ ᠬᠦᠷᠴᠦ᠂ ᠴᠠᠭ ᠠᠭᠤᠷ ᠤᠨ ᠦᠷᠳᠡᠭᠡ ᠶᠢᠨ ᠠᠵᠢᠯ ᠤᠨ ᠪᠠᠶᠢᠳᠠᠯ ᠪᠣᠯᠣᠨ ᠬᠥᠭᠵᠢᠯᠲᠡ ᠶᠢᠨ ᠥᠩᠭᠡᠷᠡᠯᠲᠡ ᠶᠢ ᠪᠠᠶᠢᠴᠠᠭᠠᠨ ᠦᠵᠡᠵᠦ᠂ ᠬᠡᠳᠦᠨ ᠦᠶ᠎ᠡ ᠶᠢᠨ ᠴᠠᠭ ᠠᠭᠤᠷ ᠤᠨ ᠬᠥᠮᠥᠰ ᠤᠨ ᠡᠷᠡᠰ ᠪᠠᠲᠤ ᠰᠠᠬᠢᠭᠰᠠᠨ ᠪᠠ ᠰᠢᠷᠭᠠᠭᠤ ᠬᠠᠲᠠᠭᠤᠵᠢᠯᠲᠠᠢ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠳᠡᠳᠡᠨ ᠢ ᠰᠤᠷᠲᠠᠯ ᠢᠶᠠᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠴᠢᠳᠠᠪᠤᠷᠢ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠠᠯᠠᠱᠠ ᠶᠢᠨ ᠴᠢᠨᠠᠷᠯᠢᠭ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠣᠷᠢᠭᠵᠢᠭᠤᠯᠪᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号