ᠴᠣᠭᠲᠤᠬᠦ᠋ᠷᠢᠶ᠎ᠡ ᠰᠤᠮᠤ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠭᠡᠷ ᠲᠤᠨᠢ ᠬᠦᠷᠭᠡᠵᠦ ᠪᠣᠢ
ᠨᠡᠶᠢᠲᠡᠯᠡᠭᠰᠡᠨ ᠴᠠᠭ᠄
2024/3/18
              ᠴᠣᠭᠲᠤᠬᠦ᠋ᠷᠢᠶ᠎ᠡ ᠰᠤᠮᠤ ᠨᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠤᠣᠯ ᠰᠡᠳᠦᠪᠲᠦ ᠬᠥᠮᠦᠵᠢᠯ ᠤᠨ ᠥᠷᠭᠡᠳᠬᠡᠯ ᠪᠠ ᠦᠢᠯᠡᠳᠦᠯᠭᠡ ᠶᠢᠨ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠢ ᠵᠣᠬᠢᠶᠠᠨ ᠪᠠᠶᠢᠭᠤᠯᠬᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠨᠢᠭᠲᠠᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠪᠠᠷ ᠡᠭᠦᠰᠬᠡᠯ ᠲᠡᠭᠦᠰᠬᠡᠯ ᠪᠣᠯᠭᠠᠵᠤ᠂ ︽ᠲᠦᠷᠪᠡᠨ ᠰᠤᠷᠭᠠᠨ ᠬᠥᠮᠦᠵᠢᠯ ᠢ ᠤᠶᠠᠯᠳᠤᠭᠤᠯᠬᠤ︾᠂ ︽ᠵᠢᠷᠭᠤᠭᠠᠨ ᠵᠦᠢᠯ ᠤᠨ ᠠᠴᠢᠶᠠᠯᠠᠪᠤᠷᠢ︾᠎ ᠶᠢ ᠶᠡᠷᠦᠩᠬᠡᠶᠢᠯᠡᠨ ᠬᠡᠷᠡᠭᠯᠡᠵᠦ᠂ ᠥᠷᠭᠡᠨ ᠤᠯᠠᠨ ᠨᠠᠮ ᠤᠨ ᠭᠡᠰᠢᠭᠦᠨ ᠪᠠ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠲᠤᠰᠠ ᠶᠢ ᠴᠠᠭ ᠢᠮᠠᠭᠲᠠ ᠮᠠᠷᠲᠠᠯ ᠦᠭᠡᠢ ᠮᠡᠳᠡᠷᠡᠭᠦᠯᠵᠦ᠂ ᠨᠠᠮ ᠤᠨ ᠦᠭᠡ ᠶᠢ ᠭᠤᠶᠢᠪᠢᠰᠢ ᠦᠭᠡᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠨ᠎ᠠ᠃       ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠳᠤ ᠠᠰᠢᠭ ᠬᠦᠷᠲᠡᠭᠡᠬᠦ ᠪᠠᠷ ᠵᠣᠷᠢᠯᠲᠠ ᠪᠠ ᠦᠷ᠎ᠡ ᠳ᠋ᠦᠩ ᠪᠣᠯᠭᠠᠵᠤ᠂ ᠮᠠᠯᠴᠢᠳ ᠤᠨ ᠡᠳ᠋ᠯᠡᠬᠦ ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠤᠨ ᠬᠤᠯᠪᠣᠭ᠎ᠠ᠂ ᠲᠥᠯᠥᠪᠯᠡᠭᠡᠲᠦ ᠬᠥᠩᠭᠡᠵᠢᠯ ᠵᠡᠷᠭᠡ 9 ᠲᠠᠯ᠎ᠠ ᠶᠢᠨ 29 ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠨᠢᠭᠡ ᠳᠠᠩᠰᠠ︾᠎ ᠶᠢ ᠪᠤᠶ ᠪᠣᠯᠭᠠᠵᠤ᠂ ᠨᠠᠮ ᠤᠨ ᠭᠡᠰᠢᠭᠦᠨ ᠺᠠᠳ᠋ᠷ ᠢᠶᠠᠷ ᠭᠤᠣᠯ ᠬᠦᠴᠦᠨ ᠪᠣᠯᠭᠠᠵᠤ᠂ ᠰᠤᠮᠤᠨ ᠤ ᠨᠠᠮ ᠤᠨ ᠭᠡᠰᠢᠭᠦᠨ ᠺᠠᠳ᠋ᠷ᠂ ᠲᠣᠮᠢᠯᠠᠭᠰᠠᠨ ᠰᠠᠯᠪᠤᠷᠢ ᠵᠢᠴᠢ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠪᠠᠶᠠᠵᠢᠯ ᠤᠨ ᠳᠠᠭᠠᠭᠤᠯᠤᠭᠴᠢ ᠵᠡᠷᠭᠡ ᠪᠠᠷ ᠪᠦᠷᠢᠯᠳᠦᠭᠰᠡᠨ 7 ᠤᠬᠠᠭᠤᠯᠤᠨ ᠲᠠᠶᠢᠯᠪᠤᠷᠢᠯᠠᠬᠤ ᠰᠠᠯᠪᠤᠷᠢ ᠪᠠᠭ᠎ᠠ ᠠᠩᠭᠢ᠂ ᠠᠮᠢᠲᠠᠨ ᠤ ᠬᠢᠵᠢᠭ ᠢ ᠰᠡᠷᠭᠡᠶᠢᠯᠡᠬᠦ᠂ ᠵᠢᠭᠤᠷᠠᠯᠳᠤᠭᠠᠨ ᠢ ᠡᠶᠡᠳᠡᠭᠦᠯᠬᠦ᠂ ᠭᠡᠷ ᠲᠤᠨᠢ ᠬᠦᠷᠴᠦ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠡᠳᠦᠷ ᠲᠤᠲᠤᠮ ᠤᠨ ᠠᠵᠢᠯ ᠤᠨ ᠳᠤᠮᠳᠠ᠂ ︽ᠭᠡᠷ ᠲᠤᠨᠢ ᠬᠦᠷᠴᠦ ᠵᠣᠭᠤᠭᠳᠠᠬᠤ︾ ᠵᠡᠷᠭᠡ ᠬᠡᠯᠪᠡᠷᠢ ᠪᠠᠷ ᠮᠠᠯᠴᠢᠨ ᠲᠦᠮᠡᠨ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠥᠨᠳᠥᠷ ᠨᠠᠰᠤᠨ ᠤ ᠨᠥᠬᠦᠪᠦᠷᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ 62 ᠤᠳᠠᠭ᠎ᠠ ᠣᠨᠣᠪᠴᠢᠲᠠᠶ ᠲᠠᠶᠢᠯᠪᠤᠷᠢᠯᠠᠨ ᠥᠭᠴᠦ᠂ ᠨᠠᠮ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ᠂ ᠡᠷᠤᠬᠡ ᠪᠠᠷ ᠬᠦᠷᠴᠦ ᠠᠷᠠᠳ ᠲᠤ ᠠᠰᠢᠭ ᠬᠦᠷᠲᠡᠭᠡᠬᠦ ᠳᠠᠩᠰᠠ᠂ ᠬᠥᠭᠵᠢᠯᠲᠡ ᠶᠢᠨ ᠳᠠᠩᠰᠠ ᠶᠢ 124 ᠡᠷᠤᠬᠡ ᠪᠠᠷ ᠰᠤᠷᠪᠤᠯᠵᠢᠯᠠᠵᠤ᠂ ︽ᠵᠢᠷᠭᠤᠭᠠᠨ ᠥᠭᠦᠯᠡᠪᠦᠷᠢ︾᠎ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠤᠨ ᠲᠣᠭᠤᠷᠢᠨ ᠳᠤ ᠲᠤᠰᠬᠠᠢ ᠰᠡᠳᠦᠪ ᠢᠶᠠᠷ ᠨᠠᠮ ᠤᠨ ᠬᠢᠴᠢᠶᠡᠯ ᠢ 11 ᠤᠳᠠᠭ᠎ᠠ ᠶᠠᠷᠢᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠳᠠᠮᠵᠢᠭᠤᠯᠵᠠᠢ᠃      
                ᠣᠯᠠᠨ ᠲᠦᠮᠡᠨ ᠳᠤ ᠪᠠᠭ᠎ᠠ ᠶᠠᠪᠤᠳᠠᠯ ᠭᠡᠵᠦ ᠦᠭᠡᠢ᠂ ᠶᠠᠪᠤᠳᠠᠯ ᠪᠣᠯᠭᠠᠨ ᠳᠤ ᠠᠷᠠᠳ ᠤᠨ ᠰᠡᠳᠬᠢᠯ ᠢ ᠬᠤᠯᠪᠣᠨ᠎ᠠ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠷᠠᠳ ᠲᠦᠮᠡᠨ ᠳᠤ ᠦᠢᠯᠡᠴᠢᠯᠡᠬᠦ ᠵᠦᠢᠯᠡᠰ ᠢ ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠡᠩᠨᠡᠭᠡ ᠶᠢᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ᠂ ᠡᠮ ᠡᠮᠨᠡᠯᠭᠡ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠴᠤᠭᠯᠠᠭᠤᠯᠬᠤ ᠠᠷᠭ᠎ᠠ ᠵᠠᠮ ᠢ ᠪᠦᠬᠦ ᠬᠦᠴᠦᠨ ᠢᠶᠠᠷ ᠥᠷᠭᠡᠳᠬᠡᠵᠦ᠂ ᠰᠠᠨᠠᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠤᠷᠢᠶᠠᠨ ᠴᠤᠭᠯᠠᠭᠤᠯᠵᠤ᠂ ︽ᠬᠠᠪᠰᠤᠷᠤᠨ ᠭᠦᠢᠴᠡᠳᠬᠡᠬᠦ︾ ︽ᠣᠷᠣᠯᠠᠨ ᠭᠦᠢᠴᠡᠳᠬᠡᠬᠦ︾ ᠪᠥᠬᠦ ᠶᠠᠪᠤᠴᠠ ᠳᠤ ᠦᠢᠯᠡᠴᠢᠯᠡᠬᠦ ᠶᠢ ᠬᠡᠷᠡᠭᠵᠢᠭᠦᠯᠦᠨ᠂ ᠠᠵᠢᠯᠲᠠᠳ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠥᠨᠥᠴᠢᠨ ᠪᠡᠯᠪᠡᠰᠦᠨ ᠨᠠᠰᠤᠲᠠᠨ᠂ ᠵᠡᠮᠳᠡᠭᠴᠦᠳ᠂ ᠬᠥᠳᠡᠯᠮᠦᠷᠢ ᠬᠦᠴᠦᠨ ᠢᠶᠠᠷ ᠳᠤᠲᠠᠮᠠᠭ ᠮᠠᠯᠴᠢᠨ ᠡᠷᠦᠬᠡ ᠳᠤ ᠠᠯᠪᠠᠨ ᠵᠢᠷᠤᠮ ᠤᠨ ᠡᠮᠴᠢᠯᠡᠭᠡ᠂ ᠬᠤᠷᠭᠤ ᠤᠭᠰᠠᠷᠠᠬᠤ᠂ ᠴᠡᠪᠡᠷᠯᠡᠭᠡ ᠬᠢᠬᠦ᠂ ᠡᠪᠡᠰᠦ ᠪᠣᠷᠳᠤᠭ᠎ᠠ ᠶᠢ ᠲᠠᠲᠠᠵᠤ ᠪᠠᠭᠤᠯᠭᠠᠬᠤ ᠠᠵᠢᠯ ᠥᠷᠨᠢᠭᠦᠯᠵᠦ᠂ ᠲᠡᠳᠡᠨ ᠤ ᠦᠢᠯᠡᠳᠪᠦᠷᠢᠯᠡᠯ᠂ ᠠᠮᠢᠳᠤᠷᠠᠯ ᠤᠨ ᠳᠤᠮᠳᠠᠬᠢ 60 ᠭᠠᠷᠤᠢ ᠤᠳᠠᠭ᠎ᠠ ᠶᠢᠨ ᠬᠦᠴᠢᠷᠳᠡᠯ ᠢ ᠰᠢᠢᠳᠪᠦᠷᠢᠯᠡᠵᠡᠢ︔ ᠡᠭᠦᠨ ᠳᠤ ᠰᠠᠨᠠᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠤᠷᠢᠶᠠᠨ ᠴᠤᠭᠯᠠᠭᠤᠯᠵᠤ᠂ ᠠᠵᠢᠯᠲᠠᠳ ᠢ ᠵᠣᠬᠢᠶᠠᠨ ᠪᠠᠶᠢᠭᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠲᠡᠳᠡᠨ ᠤ ᠦᠢᠯᠡᠳᠪᠦᠷᠢᠯᠡᠯ᠂ ᠠᠮᠢᠳᠤᠷᠠᠯ ᠤᠨ ᠳᠤᠮᠳᠠᠬᠢ ᠬᠦᠴᠢᠷᠳᠡᠯ ᠢ 60 ᠭᠠᠷᠤᠢ ᠤᠳᠠᠭ᠎ᠠ ᠰᠢᠢᠳᠪᠦᠷᠢᠯᠡᠵᠦ ᠥᠭᠪᠡ︔ 12 ᠬᠥᠮᠥᠨ ᠢ ᠬᠠᠪᠰᠤᠷᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠠᠷ ᠭᠦᠢᠴᠡᠳᠬᠡᠯ ᠢ ᠭᠦᠢᠴᠡᠳᠬᠡᠵᠦ᠂ 8 ᠤᠳᠠᠭ᠎ᠠ ᠲᠦᠷ ᠴᠠᠭ ᠤᠨ ᠠᠪᠤᠷᠠᠨ ᠲᠤᠰᠠᠯᠠᠯᠲᠠ ᠬᠠᠩᠭᠠᠵᠤ᠂ 8 ᠬᠤᠪᠢ ᠵᠠᠬᠢᠳᠠᠯ ᠰᠣᠷᠪᠤᠯᠵᠢᠯᠠᠭ᠎ᠠ ᠪᠠ ᠵᠥᠷᠢᠴᠡᠯ ᠵᠢᠭᠤᠷᠠᠯᠳᠤᠭᠠᠨ ᠢ ᠣᠷᠣᠯᠠᠨ ᠭᠦᠢᠴᠡᠳᠬᠡᠵᠦ᠂ ᠠᠷᠠᠳ ᠤᠯᠠᠨ ᠳᠤ ᠨᠠᠮ ᠢᠮᠠᠭᠲᠠ ᠠᠷᠠᠳ ᠤᠯᠠᠨ ᠤ ᠳᠡᠷᠭᠡᠳᠡ ᠪᠠᠶᠢᠬᠤ ᠶᠢ ᠦᠨᠡᠨ ᠬᠦ ᠮᠡᠳᠡᠷᠡᠭᠦᠯᠪᠡ᠃                         ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠠᠳ ᠤᠨ ᠪᠠᠶᠢᠳᠠᠯ ᠢ ᠦᠨᠡᠨᠴᠢ ᠪᠠᠷ ᠶᠠᠷᠢᠯᠴᠠᠬᠤ ᠬᠤᠷᠠᠯ︾᠎ ᠢᠶᠠᠷ ᠳᠠᠮᠵᠢᠨ ᠤᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ 50 ᠭᠠᠷᠤᠢ ᠡᠷᠤᠭᠡ ᠶᠢ ᠰᠤᠷᠪᠤᠯᠵᠢᠯᠠᠵᠤ᠂ ᠠᠬᠠᠮᠠᠳ ᠨᠠᠮ ᠤᠨ ᠭᠡᠰᠢᠭᠦᠨ᠂ ᠥᠨᠳᠥᠷ ᠨᠠᠰᠤᠲᠠᠢ ᠨᠠᠰᠤᠲᠠᠨ᠂ ᠴᠡᠷᠢᠭ ᠠᠴᠠ ᠬᠠᠯᠠᠭᠳᠠᠭᠰᠠᠳ᠂ ᠬᠦᠴᠢᠷᠳᠡᠯᠲᠡᠢ ᠤᠯᠠᠨ ᠲᠦᠮᠡᠨ ᠵᠡᠷᠭᠡ 44 ᠬᠥᠮᠥᠨ ᠢ ᠲᠣᠬᠤᠨᠢᠭᠤᠯᠵᠤ᠂ 354 ᠡᠷᠤᠬᠡ ᠮᠠᠯᠴᠢᠨ ᠲᠠᠷᠢᠶᠠᠴᠢᠨ ᠳᠤ 32 ᠲᠦᠮᠡ ᠭᠠᠷᠤᠢ ᠲᠥᠭᠦᠷᠢᠭ ᠤᠨ ᠨᠡᠭᠦᠷᠡᠰᠦ ᠳᠤᠯᠠᠭᠠᠯᠠᠭ᠎ᠠ ᠶᠢᠨ ᠨᠥᠬᠦᠪᠦᠷᠢ ᠣᠯᠭᠤᠵᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠳᠤ 60 ᠲᠣᠨ ᠡᠪᠡᠰᠦ ᠪᠣᠷᠳᠤᠭ᠎ᠠ ᠬᠠᠨᠳᠢᠪᠯᠡᠬᠤ ᠪᠠᠷ ᠢᠳᠡᠪᠬᠢᠲᠡᠢ ᠴᠢᠷᠮᠠᠶᠢᠵᠤ᠂ ᠨᠡᠶᠢᠳᠡ 700 ᠭᠠᠷᠤᠢ ᠬᠥᠮᠥᠨ ᠳᠤ ᠠᠰᠢᠭ ᠬᠦᠷᠲᠡᠭᠡᠵᠡᠢ᠃ ᠮᠠᠯᠵᠢᠬᠤ ᠣᠷᠣᠨ ᠤ ᠵᠠᠮ᠂ ᠤᠰᠤ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠢᠳᠡᠪᠬᠢᠲᠡᠢ ᠪᠠᠷ ᠠᠵᠢᠯᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠵᠠᠮ ᠳᠠᠭᠠᠤ ᠶᠢᠨ ᠮᠠᠯᠴᠢᠳ ᠤᠨ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠪᠠ ︔ ᠠᠶᠢᠮᠠᠭ᠂ ᠬᠤᠰᠢᠭᠤᠨ ᠤ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠪᠠᠷ ᠲᠥᠰᠥᠯ ᠢ ᠵᠥᠪᠳᠡᠵᠦ᠂ ᠬᠠᠭᠤᠴᠢᠨ ᠠᠷᠭ᠎ᠠ ᠶᠢ ᠲᠠᠶᠠᠭᠳᠠᠵᠤ᠂ ᠤᠰᠤ ᠳᠠᠮᠵᠢᠭᠤᠯᠬᠤ ᠪᠠ ᠲᠦᠭᠡᠭᠡᠬᠦ ᠬᠤᠭᠤᠯᠠᠢ ᠶᠢᠨ ᠲᠣᠣᠷ ᠢ ᠪᠠᠶᠢᠭᠤᠯᠬᠤ ᠰᠢᠨ᠎ᠡ ᠠᠷᠭ᠎ᠠ ᠮᠠᠶ᠋ᠢᠭ ᠢ ᠠᠪᠴᠤ᠂ 25 ᠡᠷᠦᠬᠡ ᠶᠢᠨ ᠮᠠᠯᠴᠢᠳ ᠤᠨ ᠤᠰᠤ ᠤᠮᠳᠠ ᠶᠢᠨ ᠬᠦᠴᠢᠷᠳᠡᠯ ᠢ ᠲᠤᠶᠢᠯᠪᠤᠷᠢᠲᠠᠢ ᠰᠢᠢᠳᠪᠦᠷᠢᠯᠡᠨ᠎ᠡ︔ 6 ᠳᠣᠬᠢᠶᠠᠨ ᠤ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠣᠯᠠᠨ ᠲᠦᠮᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠪᠴᠢᠷᠠᠭᠰᠠᠨ ︽ᠬᠠᠶᠢᠷ᠎ᠠ ᠬᠠᠯᠠᠮᠵᠢ︾᠎ ᠶᠢ ᠦᠨᠡᠨ ᠬᠦ ᠮᠡᠳᠡᠷᠡᠭᠦᠯᠪᠡ᠃                   ᠴᠣᠭᠲᠤᠬᠦ᠋ᠷᠢᠶ᠎ᠡ ᠰᠤᠮᠤ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠢᠨ᠎ᠡ ᠲᠤᠷᠰᠢᠯᠭ᠎ᠠ ᠰᠢᠨ᠎ᠡ ᠦᠷ᠎ᠡ ᠪᠦᠲᠦᠮᠵᠢ ᠶᠢ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠳᠤᠮᠳᠠ ᠢᠯᠡᠷᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠯᠠᠭ᠎ᠠ ᠶᠢᠨ ᠠᠴᠢᠶᠠᠯᠠᠪᠤᠷᠢ ᠶᠢᠨ ᠬᠡᠯᠪᠡᠷᠢ ᠶᠢ ᠪᠠᠶᠠᠯᠢᠭᠵᠢᠭᠤᠯᠤᠨ ᠥᠷᠭᠡᠳᠬᠡᠵᠦ᠂ ᠭᠤᠣᠯᠯᠠᠬᠤ ᠬᠥᠮᠦᠵᠢᠯ ᠤᠨ ᠠᠭᠤᠯᠭ᠎ᠠ ᠶᠢ ᠲᠣᠳᠣᠷᠬᠠᠢ ᠪᠥᠭᠡᠳ ᠨᠡᠪᠲᠡᠷᠬᠡᠢ ᠶᠠᠷᠢᠵᠤ᠂ ᠵᠢᠭᠠᠬᠤ ᠮᠠᠲ᠋ᠧᠷᠢᠶᠠᠯ ᠢ ᠠᠮᠢᠳᠤᠯᠢᠭ ᠢᠶᠠᠷ ᠰᠤᠷᠴᠤ ᠠᠮᠢᠳᠤᠯᠢᠭ ᠢᠶᠠᠷ ᠬᠡᠷᠡᠭᠯᠡᠨ ᠳᠡᠷᠭᠡᠳᠡᠬᠢ ᠦᠯᠢᠭᠡᠷ ᠢᠶᠠᠨ ᠰᠠᠶᠢᠲᠤᠷ ᠶᠠᠷᠢᠵᠤ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠢᠢᠳᠪᠦᠷᠢᠯᠡᠵᠦ᠂ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠶᠠᠪᠤᠵᠤ᠂ ︽ᠤᠯᠠᠨ ᠲᠦᠮᠡᠨ ᠤ ᠰᠢᠯᠭᠠᠯᠲᠠ ᠶᠢᠨ ᠬᠠᠭᠤᠳᠠᠰᠤ︾᠎ ᠶᠢ ᠰᠠᠶᠢᠲᠤᠷ ᠬᠠᠷᠢᠭᠤᠯᠵᠤ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠵᠢᠯᠯᠠᠭ᠎ᠠ ᠲᠠᠢ ᠪᠥᠭᠡᠳ ᠲᠥᠷᠥᠭᠳᠡᠯ ᠲᠠᠢ ᠪᠥᠭᠡᠳ ᠪᠦᠲᠦᠮᠵᠢᠲᠡᠢ ᠪᠠᠷ ᠰᠠᠶᠢᠲᠤᠷ ᠠᠳᠬᠤᠭᠰᠠᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号