ᠪᠦᠭᠦ ᠠᠶᠢᠮᠠᠭ ᠲᠤ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠪᠠ
ᠨᠡᠶᠢᠲᠡᠯᠡᠭᠰᠡᠨ ᠴᠠᠭ᠄
2024/3/18
          ᠣᠶᠢᠷ᠎ᠠ ᠶᠢᠨ ᠡᠳᠦᠷ ᠤᠳ ᠲᠤ᠂ ᠮᠠᠨ ᠤ ᠠᠶᠢᠮᠠᠭ ᠤᠨ ᠡᠯ᠎ᠡ ᠰᠠᠯᠠᠭ᠎ᠠ ᠮᠥᠴᠢᠷ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠪᠣᠳᠠᠲᠠᠢ ᠳᠤ ᠰᠠᠭᠤᠷᠢᠯᠠᠨ ᠠᠵᠢᠯ ᠤᠨ ᠰᠡᠳᠬᠢᠴᠡ ᠪᠠᠨ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠢᠶᠠᠨ ᠪᠣᠯᠭᠠᠨ᠂ ᠨᠢᠭᠡᠨ ᠵᠢᠱᠢᠶ᠎ᠡ ᠦᠵᠡᠭᠦᠯᠭᠦ ᠠᠶᠢᠮᠠᠭ ᠢ ᠪᠠᠶᠢᠭᠤᠯᠵᠤ᠂ ᠲᠠᠪᠤᠨ ᠶᠡᠭᠡ ᠰᠠᠭᠤᠷᠢᠨ ᠢ ᠪᠠᠶᠢᠭᠤᠯᠤᠨ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠵᠦ᠂ ᠨᠠᠢᠮᠠᠨ ᠲᠠᠯ᠎ᠠ ᠪᠠᠷ ᠠᠵᠢᠯ ᠢᠶᠠᠨ ᠥᠷᠨᠢᠭᠦᠯᠦᠨ᠂ ᠪᠦᠭᠦ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ᠂ ᠳᠤᠮᠳᠠᠳᠤ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠠᠯᠠᠱᠠ ᠶᠢᠨ ᠬᠦᠴᠦᠨ ᠴᠢᠳᠠᠯ ᠢ ᠨᠡᠮᠡᠷᠢᠯᠡᠬᠦ ᠪᠠᠷ ᠬᠠᠷᠠᠯᠲᠠ ᠵᠣᠷᠢᠯᠲᠠ ᠪᠠᠨ ᠲᠣᠭᠲᠠᠭᠠᠭᠰᠠᠨ ᠪᠠᠶᠢᠨ᠎ᠠ᠃      ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠪᠠ ᠬᠤᠶᠢᠰᠢᠳᠠ ᠶᠢᠨ ᠬᠤᠭᠤᠴᠠᠭᠠᠨ ᠤ ᠤᠯᠤᠰ ᠲᠦᠷᠦ ᠶᠢᠨ ᠴᠢᠬᠤᠯᠠ ᠠᠵᠢᠯ ᠎ ᠢᠶᠠᠨ ᠪᠤᠯᠭᠠᠵᠦ᠂ ᠲᠣᠭᠤᠷᠢᠨ ᠪᠠᠶᠢᠴᠠᠭᠠᠬᠤ ᠠᠵᠢᠯ ᠤᠨ ᠭᠠᠷᠳᠠᠬᠤ ᠴᠡᠭ᠂ ᠤᠶᠠᠯᠳᠤᠯ ᠤᠨ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠪᠠᠨ ᠪᠠᠲᠤ ᠰᠠᠬᠢᠨ᠂ ᠤᠬᠠᠮᠰᠠᠷ ᠠᠴᠠ ᠪᠠᠨ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠪᠠᠷ ᠪᠤᠢ᠃      ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠡᠯ᠎ᠡ ᠵᠦᠢᠯ ᠤᠨ ᠠᠵᠢᠯ ᠢ ᠲᠤᠭ ᠲᠡᠮᠳᠡᠭ ᠲᠣᠳᠣᠷᠬᠠᠢ᠂ ᠡᠷᠡᠰ ᠴᠢᠩᠭ᠎ᠠ ᠰᠠᠶᠢᠲᠤᠷ ᠠᠳᠬᠤᠬᠤ᠂ 2024 ᠣᠨ ᠤ ᠡᠴᠦᠰ ᠪᠤᠯᠬᠤ ᠳᠤ ᠪᠦᠭᠦ ᠠᠶᠢᠮᠠᠭ ᠤᠨ ᠡᠯ᠎ᠡ ᠬᠤᠰᠢᠭᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠬᠠᠷᠠᠯᠲᠠ ᠶᠢ ᠪᠡᠶᠡᠯᠡᠭᠦᠯᠬᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠠᠮᠲᠤᠷᠠᠨ ᠰᠤᠷᠭᠠᠭᠤᠯᠢ ᠡᠷᠭᠢᠯᠡᠭᠦ ᠵᠠᠭᠪᠤᠷ ᠢ ᠥᠷᠭᠡᠳᠬᠡᠨ᠂ ᠪᠠᠭᠰᠢ ᠶᠢᠨ ᠡᠩᠨᠡᠭᠡ ᠶᠢᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ᠂ ᠠᠯᠠᠱᠠ ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠪᠠᠶᠢᠭᠤᠯᠬᠤ ᠲᠣᠭᠢᠶᠠᠯ ᠢ ᠠᠳᠬᠤᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠭᠦ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠵᠡᠷᠭᠡ ᠬᠠᠷᠠᠯᠲᠠ ᠶᠢ ᠲᠣᠭᠲᠠᠭᠠᠭᠰᠠᠨ ᠪᠠᠶᠢᠨ᠎ᠠ᠃      ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠪᠦᠭᠦ ᠠᠶᠢᠮᠠᠭ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ᠂ ᠬᠢᠨᠠᠨ ᠬᠡᠮᠵᠢᠯᠲᠡ ᠶᠢ ᠴᠢᠩᠭᠠᠳᠬᠠᠨ᠂ ᠲᠥᠷᠥᠯ ᠵᠦᠢᠯ ᠤᠨ ᠪᠣᠳᠠᠲᠠᠢ ᠪᠡᠯᠡ ᠣᠷᠣᠭᠤᠯᠤᠯᠲᠠ ᠶᠢ ᠨᠢᠭᠲᠠ ᠠᠩᠬᠠᠷᠴᠤ᠂ ᠬᠦᠷᠢᠶᠡᠯᠡᠩ ᠲᠣᠭᠤᠷᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠵᠤ᠂ ᠳᠠᠪᠤᠰᠤ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠪᠠ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ᠂ ᠠᠵᠤ ᠦᠢᠯᠡᠳᠪᠦᠷᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠠᠪᠰᠢᠵᠤ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠠᠷ ᠪᠠᠶᠢᠨ᠎ᠠ᠃       ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ ᠪᠠ ᠤᠳᠠᠭᠠᠨ ᠴᠢᠨᠠᠷ ᠲᠠᠢ ᠡᠪᠡᠳᠴᠢᠨ ᠢ ᠰᠠᠯᠭᠠᠨ ᠵᠠᠰᠠᠬᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ ᠣᠨᠣᠰᠢᠯᠠᠨ ᠡᠮᠨᠡᠬᠦ ᠵᠠᠭᠪᠤᠷ ᠢ ᠪᠠᠶᠢᠭᠤᠯᠦᠨ᠎ᠡ᠂ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠮᠵᠢ ᠶᠢ ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠠᠵᠢᠯ ᠢ ᠲᠦᠷᠭᠡᠳᠬᠡᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠂ ᠡᠷᠡᠭᠦᠯᠵᠢᠭᠦᠯᠬᠦ ᠡᠮᠴᠢᠯᠡᠭᠡ᠂ ᠨᠠᠰᠤᠲᠠᠶᠢᠴᠤᠳ ᠤᠨ ᠰᠤᠪᠢᠯᠠᠯᠲᠠ ᠵᠡᠷᠭᠡ ᠦᠢᠯᠡᠴᠢᠯᠡᠭᠡᠨ ᠢ ᠰᠠᠶᠢᠲᠤᠷ ᠬᠢᠵᠦ᠂ ︽ᠲᠣᠭᠲᠠᠮᠠᠯ + ᠨᠡᠭᠦᠳᠡᠯ︾ ᠬᠥᠳᠡᠭᠡ ᠲᠣᠰᠬᠤᠨ ᠤ ᠨᠢᠭᠡ ᠴᠣᠭᠴᠠᠵᠢᠭᠰᠠᠨ ᠦᠢᠯᠡᠴᠢᠯᠡᠭᠡᠨ ᠤ ᠵᠠᠭᠪᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠢᠨᠲ᠋ᠧᠷ ᠰᠦᠯᠵᠢᠶᠡᠨ ᠤ ᠣᠨᠣᠰᠢᠯᠠᠨ ᠡᠮᠨᠡᠬᠦ ᠦᠢᠯᠡᠴᠢᠯᠡᠭᠡ ᠶᠢ ᠠᠬᠢᠭᠤᠯᠤᠨ᠂ ᠨᠠᠩ ᠣᠯᠠᠨ ᠭᠠᠳᠠᠷ ᠮᠤᠵᠢ ︵ᠠᠶᠢᠮᠠᠭ︶ ᠬᠤᠲᠠ ᠶᠢᠨ ᠰᠢᠯᠢᠳᠡᠭ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠮᠠᠨ ᠤ ᠠᠶᠢᠮᠠᠭ ᠤᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢᠨ ᠲᠠᠪᠴᠠᠩ ᠳᠤ ᠣᠷᠣᠭᠤᠯᠵᠤ᠂ ᠣᠯᠠᠨ ᠲᠦᠮᠡᠨ ᠤ ᠭᠠᠳᠠᠭᠰᠢ ᠭᠠᠷᠴᠤ ᠡᠮᠨᠡᠭᠦᠯᠭᠦ ᠳᠠᠷᠤᠭᠠᠰᠤ ᠶᠢ ᠭᠦᠩᠭᠡᠷᠡᠭᠦᠯᠦᠨ᠎ᠡ᠂ ᠬᠥᠮᠥᠨ ᠠᠮᠠ ᠶᠢᠨ ᠨᠠᠰᠤᠵᠢᠯᠲᠠ ᠶᠢᠨ ᠠᠰᠠᠭᠤᠳᠠᠯ ᠳᠤ ᠬᠠᠨᠳᠤᠭᠤᠯᠤᠨ᠂ ᠡᠷᠳᠡᠮ ᠰᠢᠨᠵᠢᠯᠡᠭᠡ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠮᠠᠨ ᠤ ᠠᠶᠢᠮᠠᠭ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠎ ᠶᠢᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠬᠠᠪᠰᠤᠷᠤᠨ ᠭᠦᠢᠴᠡᠳᠬᠡᠬᠦ ᠲᠠᠪᠴᠠᠩ᠂ ᠨᠤᠲᠤᠭ ᠪᠡᠯᠴᠢᠭᠡᠷ ᠤᠨ ᠱᠠᠩᠨᠠᠵᠤ ᠨᠥᠬᠦᠪᠦᠷᠢᠯᠡᠬᠦ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠯᠲᠠ ᠵᠡᠷᠭᠡ ᠲᠣᠭᠠᠴᠢᠯᠠᠭᠰᠠᠨ ᠦᠢᠯᠡᠴᠢᠯᠡᠭᠡᠨ ᠤ ᠰᠢᠨ᠎ᠡ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠪᠠ ᠠᠷᠠᠳ ᠤᠯᠠᠨ ᠳᠤ ᠲᠥᠭᠦᠮ ᠦᠵᠡᠭᠦᠯᠦᠨ᠎ᠡ᠃ ᠪᠦᠭᠦ ᠠᠶᠢᠮᠠᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠠᠮᠤᠷ ᠲᠦᠪᠰᠢᠨ ᠤ ᠪᠠᠶᠢᠳᠠᠯ ᠢ ᠰᠡᠷᠡᠵᠦ ᠮᠡᠳᠡᠬᠦ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠭᠦᠢᠴᠡᠳ ᠪᠠᠲᠤᠯᠠᠨ᠎ᠠ
 
ᠢᠷᠡᠯᠲᠡ᠄ ᠠᠯᠠᠱᠠ ᠶᠢᠨ ᠬᠠᠮ ᠵᠠᠭᠤᠴᠢᠯᠠᠭᠤᠷ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号