| ︵ᠨᠡᠷᠡᠨ᠎ᠡ︶ 1 ᠰᠠᠷ᠎ᠠ ᠶᠢᠨ 11 ᠤ ᠡᠳᠦᠷ ᠤᠨ 16 ᠴᠠᠭ 30 ᠮᠢᠨᠦ᠋ᠲ ᠲᠤ᠂ ᠬᠠᠷ᠎ᠠ ᠭᠤᠣᠯ ᠤᠨ | ᠤᠰᠤ ᠰᠤᠪᠨᠠᠭᠤᠷ ᠲᠤ ᠤᠷᠤᠭᠰᠢᠲᠠᠢ ᠪᠠᠷ ᠤᠷᠤᠰᠤᠨ ᠣᠷᠣᠪᠠ᠃ ᠡᠨᠡ ᠪᠣᠯ 2000 ᠣᠨ ᠳᠤ ᠤᠯᠤᠰ ᠠᠴᠠ | ᠬᠠᠷ᠎ᠠ ᠭᠤᠣᠯ ᠤᠨ ᠤᠷᠤᠰᠬᠠᠯ ᠤᠨ ᠨᠢᠭᠡᠳᠦᠯᠲᠡᠢ ᠲᠣᠬᠢᠷᠠᠭᠤᠯᠤᠯᠲᠠ ᠶᠢ ᠬᠡᠷᠡᠭᠵᠢᠭᠦᠯᠦᠭᠰᠡᠨ ᠠᠴᠠ ᠨᠠᠭᠠᠰᠢᠬᠢ ᠠᠩᠬ᠎ᠠ | ᠤᠳᠠᠭ᠎ᠠ ᠡᠪᠦᠯ ᠤᠨ ᠤᠯᠠᠷᠢᠯ ᠳᠤ ᠰᠤᠪᠨᠠᠭᠤᠷ ᠲᠤ ᠤᠰᠤ ᠣᠷᠣᠭᠤᠯᠤᠭᠰᠠᠨ ᠶᠠᠪᠤᠳᠠᠯ ᠪᠣᠯᠣᠨ᠎ᠠ᠂ ᠮᠥᠨᠴᠦ ᠬᠠᠷ᠎ᠠ | ᠭᠤᠣᠯ ᠤᠨ ᠡᠵᠡᠨ᠎ᠡ ᠶᠢᠨ ᠬᠡᠰᠡᠭ ᠲᠤ 2023 ᠣᠨ ᠤ 11 ᠰᠠᠷ᠎ᠠ ᠶᠢᠨ 5 ᠤ ᠡᠳᠦᠷ ᠤᠷᠤᠰᠬᠠᠯ | ᠲᠠᠰᠤᠷᠠᠬᠰᠠᠨ ᠠᠴᠠ ᠨᠠᠭᠠᠰᠢᠬᠢ ᠳᠠᠬᠢᠨᠲᠠ ᠠᠮᠵᠢᠯᠲᠠ ᠲᠠᠢ ᠪᠠᠷ ᠰᠤᠪᠨᠠᠭᠤᠷ ᠲᠤ ᠤᠰᠤ ᠨᠥᠬᠦᠪᠦᠷᠢᠯᠡᠭᠰᠡᠨ ᠶᠠᠪᠤᠳᠠᠯ | ᠪᠠᠶᠢᠭ᠎ᠠ ᠶᠤᠮ᠃ | 2022 ᠣᠨ ᠠᠴᠠ 2023 ᠣᠨ ᠤ ᠬᠤᠭᠤᠴᠠᠭᠠᠨ ᠳᠤ᠂ ᠬᠠᠷ᠎ᠠ ᠭᠤᠣᠯ ᠤᠨ ᠳᠡᠭᠡᠳᠦ ᠤᠷᠤᠰᠬᠠᠯ ᠠᠴᠠ | ᠢᠷᠡᠬᠦ ᠤᠰᠤ 21 ᠵᠢᠯ ᠤᠨ ᠲᠤᠷᠰᠢᠬᠢ ᠠᠩᠬ᠎ᠠ ᠤᠳᠠᠭ᠎ᠠ ᠪᠠᠭᠤᠷᠠᠭᠰᠠᠨ ᠪᠠᠶᠢᠳᠠᠯ ᠢᠯᠡᠷᠡᠵᠡᠢ᠃ 11 ᠰᠠᠷ᠎ᠠ ᠶᠢᠨ | ᠰᠢᠨᠡᠳ ᠪᠤᠯᠲᠠᠯ᠎ᠠ ᠪᠠᠶᠠᠨᠪᠤᠬᠳᠠ ︵ᠯᠠᠩ ᠰᠢᠨ ᠱᠠᠨ︶ ᠶᠢᠨ ᠤᠰᠤᠨ ᠵᠦᠢ ᠶᠢᠨ ᠣᠭᠲᠣᠯᠣᠭᠠᠰᠤ ᠪᠠᠷ ᠢᠷᠡᠬᠦ | ᠤᠰᠤᠨ ᠤ ᠬᠡᠮᠵᠢᠶ᠎ᠡ ᠨᠡᠶᠢᠲᠡ 41561 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ 2022 ᠣᠨ ᠤ | ᠠᠳᠠᠯᠢ ᠬᠤᠭᠤᠴᠠᠭᠠᠨ ᠤ ᠢᠷᠡᠬᠦ ᠤᠰᠤᠨ ᠤ ᠬᠡᠮᠵᠢᠶ᠎ᠡ ᠠᠴᠠ 50469 ᠲᠦᠮᠡᠨ ᠪᠣᠰᠤᠭ᠎ᠠ ᠳᠥᠷᠪᠡᠯᠵᠢᠨ ᠮᠧᠲᠷ | ᠪᠠᠭᠠᠰᠴᠤ᠂ 54.83% ᠪᠠᠷ ᠪᠠᠭᠤᠷᠠᠪᠠ᠂ 2004 ᠣᠨ ᠠᠴᠠ 2022 ᠣᠨ ᠪᠤᠯᠲᠠᠯᠠᠭᠢ ᠠᠳᠠᠯᠢ | ᠬᠤᠭᠤᠴᠠᠭᠠᠨ ᠤ ᠢᠷᠡᠬᠦ ᠤᠰᠤᠨ ᠤ ᠬᠡᠮᠵᠢᠶ᠎ᠡ ᠶᠢᠨ ᠳᠤᠮᠳᠠᠴᠢ ᠬᠡᠮᠵᠢᠭᠳᠡᠯ ᠠᠴᠠ 29849 ᠲᠦᠮᠡᠨ ᠪᠣᠰᠤᠭ᠎ᠠ | ᠳᠥᠷᠪᠡᠯᠵᠢᠨ ᠮᠧᠲᠷ ᠪᠠᠭᠠᠰᠴᠤ᠂ 41.79% ᠪᠠᠷ ᠪᠠᠭᠤᠷᠠᠪᠠ᠂ ᠰᠤᠪᠨᠠᠭᠤᠷ ᠲᠤ ᠨᠡᠶᠢᠲᠡ 2247 ᠲᠦᠮᠡᠨ | ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠦᠷᠢᠯᠡᠵᠦ᠂ 2022 ᠣᠨ ᠤ ᠠᠳᠠᠯᠢ ᠬᠤᠭᠤᠴᠠᠭᠠᠨ ᠤ ᠤᠰᠤ | ᠨᠥᠬᠦᠪᠦᠷᠢᠯᠡᠭᠰᠡᠨ ᠬᠡᠮᠵᠢᠶ᠎ᠡ ᠠᠴᠠ 4140 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠴᠤ᠂ 64.81% ᠪᠠᠷ | ᠪᠠᠭᠤᠷᠠᠪᠠ᠂ ᠤᠰᠤᠨ ᠣᠷᠣᠨ ᠤ ᠲᠠᠯᠠᠪᠠᠢ 35.1 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂2022 ᠣᠨ ᠤ | ᠠᠳᠠᠯᠢ ᠬᠤᠭᠤᠴᠠᠭᠠᠨ ᠤ ᠬᠢ ᠠᠴᠠ 6.9 ᠲᠡᠭᠰᠢ ᠳᠥᠷᠪᠡᠯᠵᠢᠨ ᠺᠢᠯᠣᠮᠧᠲᠷ ᠪᠠᠭᠠᠰᠴᠠᠢ᠃ ᠨᠠᠭᠤᠷ ᠤᠨ ᠪᠠᠭᠲᠠᠭᠠᠮᠵᠢ | 3430 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ | 3910 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠴᠠᠢ᠃ ᠰᠤᠪᠨᠠᠭᠤᠷ ᠲᠤ ᠪᠦᠲᠦᠮᠵᠢᠲᠡᠶ ᠤᠰᠤ | ᠨᠥᠬᠦᠪᠦᠷᠢᠯᠡᠭᠰᠡᠨ ᠦᠭᠡᠢ ᠠᠴᠠ ᠪᠣᠯᠵᠤ ᠬᠠᠳᠠᠵᠦ ᠰᠢᠷᠭᠢᠬᠦ ᠠᠶᠤᠯ ᠲᠤᠶᠢᠯ ᠤᠨ ᠬᠦᠨᠳᠦ ᠨᠣᠴᠢᠲᠠᠢ ᠪᠣᠯᠤᠭᠰᠠᠨ | ᠪᠠᠶᠢᠨ᠎ᠠ᠃ | ᠠᠶᠤᠯ ᠲᠦᠭᠰᠢᠭᠦᠷᠢ ᠶᠢ ᠪᠦᠲᠦᠮᠵᠢᠲᠡᠶ ᠠᠷᠭᠠᠴᠠᠵᠤ᠂ ᠰᠤᠪᠨᠠᠭᠤᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠡᠵᠡᠨ᠎ᠡ ᠬᠤᠰᠢᠭᠤ ᠬᠠᠷ᠎ᠠ ᠭᠤᠣᠯ ᠤᠨ | ᠡᠵᠡᠨ᠎ᠡ ᠶᠢᠨ ᠬᠡᠰᠡᠭ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠤᠨ ᠬᠤᠷᠠᠯ ᠢ ᠤᠷᠢᠳᠴᠢᠯᠠᠨ ᠵᠣᠬᠢᠶᠠᠨ | ᠪᠠᠶᠢᠭᠤᠯᠵᠤ᠂ ᠡᠪᠦᠯ ᠬᠠᠪᠤᠷ ᠤᠨ ᠤᠯᠠᠷᠢᠯ ᠤᠨ ᠠᠮᠢ ᠠᠬᠤᠢ ᠶᠢᠨ ᠤᠰᠤᠨ ᠤ ᠬᠡᠮᠵᠢᠶ᠎ᠡ ᠶᠢ ᠲᠣᠬᠢᠷᠠᠭᠤᠯᠤᠨ | ᠤᠰᠤᠯᠠᠬᠤ ᠠᠵᠢᠯ ᠢ ᠪᠠᠶᠢᠷᠢᠯᠠᠭᠤᠯᠵᠤ᠂ ᠰᠤᠪᠨᠠᠭᠤᠷ ᠤᠨ ᠠᠮᠢ ᠠᠬᠤᠢ ᠶᠢᠨ ᠤᠰᠤ ᠨᠥᠬᠦᠪᠦᠷᠢᠯᠡᠬᠦ ᠶᠢ ᠤᠷᠢᠳᠠᠪᠠᠷ | ᠪᠠᠲᠤᠯᠠᠵᠤ᠂ ᠨᠣᠭᠤᠭᠠᠨ ᠪᠦᠷᠢᠳᠦ ᠶᠢᠨ ᠠᠮᠢ ᠠᠬᠤᠢ ᠶᠢ ᠪᠠᠬᠢᠵᠢᠭᠦᠯᠬᠦ ᠠᠵᠢᠯ ᠤᠨ ᠬᠠᠷᠠᠯᠲᠠ ᠶᠢ ᠲᠣᠭᠲᠠᠭᠠᠪᠠ᠃ | 2023 ᠣᠨ ᠤ 11 ᠰᠠᠷ᠎ᠠ ᠶᠢᠨ 29 ᠤ ᠡᠳᠦᠷ ᠤᠨ 14 ᠴᠠᠭ ᠲᠤ ᠪᠠᠶᠠᠨᠪᠤᠬᠳᠠ ︵ᠯᠠᠩ ᠰᠢᠨ ᠱᠠᠨ ᠠᠭᠤᠯᠠ︶ | ᠶᠢᠨ ᠤᠰᠤᠨ ᠵᠦᠢ ᠶᠢᠨ ᠣᠭᠲᠣᠯᠣᠭᠠᠰᠤ ᠪᠠᠷ ᠤᠰᠤ ᠢᠷᠡᠭᠰᠡᠨ ᠳᠤ᠂ ᠡᠵᠡᠨ᠎ᠡ ᠬᠤᠰᠢᠭᠤ ᠲᠣᠬᠢᠷᠠᠭᠤᠯᠬᠤ ᠵᠠᠷᠯᠢᠭ | ᠪᠠᠭᠤᠯᠭᠠᠪᠠ᠃ ᠭᠡᠪᠡᠴᠦ ᠡᠳᠦᠷ ᠳᠤᠮᠳᠠᠴᠢ ᠶᠢᠨ ᠤᠷᠤᠰᠬᠠᠯ ᠤᠨ ᠬᠡᠮᠵᠢᠶ᠎ᠡ ᠪᠠ ᠭᠤᠣᠯ ᠤᠨ ᠤᠰᠤᠨ ᠤ ᠬᠦᠴᠦᠨ | ᠪᠠᠭ᠎ᠠ᠂ ᠠᠭᠠᠷ ᠤᠨ ᠳᠤᠯᠠᠭᠠᠨ ᠳᠣᠣᠷ᠎ᠠ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠤᠰᠤᠨ ᠤ | ᠤᠷᠤᠭᠰᠢᠯᠠᠬᠤ ᠬᠤᠷᠳᠤᠴᠠ ᠮᠠᠰᠢ ᠤᠳᠠᠭᠠᠨ ᠪᠠᠶᠢᠵᠤ᠂ 44 ᠡᠳᠦᠷ ᠤᠨ ᠳᠠᠷᠠᠭ᠎ᠠ ᠰᠤᠪᠨᠠᠭᠤᠷ ᠲᠤ ᠬᠦᠷᠴᠡᠢ᠃ | ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠡᠯ᠎ᠡ ᠱᠠᠲᠤᠨ ᠤ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠪᠣᠯᠣᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠂ ᠭᠤᠣᠯ ᠳᠠᠭᠠᠤ ᠶᠢᠨ | ᠰᠤᠮᠤ ᠪᠠᠯᠭᠠᠰᠤ ᠶᠢᠨ ᠬᠢᠨ ᠭᠤᠣᠯ ᠤᠨ ᠵᠠᠮ ᠵᠢᠴᠢ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠲᠣᠭᠤᠷᠢᠨ | ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠷᠭᠡᠨ ᠣᠯᠠᠨ ᠮᠠᠯᠴᠢᠨ | ᠲᠦᠮᠡᠨ ᠢ ᠵᠣᠬᠢᠶᠠᠨ ᠪᠠᠶᠢᠭᠤᠯᠤᠨ᠂ ᠲᠣᠬᠢᠷᠠᠭᠤᠯᠬᠤ ᠵᠢᠭᠠᠪᠤᠷᠢ ᠶᠢ ᠰᠠᠶᠢᠲᠤᠷ ᠵᠢᠷᠤᠮᠯᠠᠵᠤ᠂ ᠭᠤᠣᠯ ᠤᠨ ᠤᠰᠤ | ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠰᠤᠪᠨᠠᠭᠤᠷ ᠤᠨ ᠬᠠᠳᠠᠵᠦ ᠰᠢᠷᠭᠢᠬᠦ ᠠᠶᠤᠯ ᠢ ᠪᠦᠭᠦ ᠬᠦᠴᠦᠨ ᠢᠶᠠᠷ | ᠠᠷᠭᠠᠴᠠᠭᠠᠬᠤ ᠪᠠᠷ ᠪᠠᠶᠢᠨ᠎ᠠ᠃ | ᠬᠠᠷ᠎ᠠ ᠭᠤᠣᠯ ᠤᠨ ᠤᠰᠤ ᠰᠤᠪᠨᠠᠭᠤᠷ ᠲᠤ ᠤᠷᠤᠰᠤᠨ ᠣᠷᠣᠯ᠎ᠠ᠃ | ︵ᠨᠡᠷᠡᠨ᠎ᠡ ᠬᠠᠩᠭᠠᠪᠠ︶ | |