ᠠᠯᠠᠱᠠ ᠵᠡᠭᠦᠨ ᠬᠤᠰᠢᠭᠤᠨ ᠤ ᠪᠠᠷᠠᠭᠤᠨ ᠪᠠᠯ ᠠᠴᠠ ᠪᠠᠶᠢᠭᠤᠯᠤᠭᠰᠠᠨ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠵᠢᠭᠰᠠᠭᠠᠯᠲᠠ ᠵᠢᠴᠢ 2024 ᠣᠨ ᠤ ᠡᠭᠦᠷᠭᠡ ᠶᠢᠨ ᠨᠠᠷᠢᠨ ᠵᠢᠭᠰᠠᠭᠠᠯᠲᠠ
ᠨᠡᠶᠢᠲᠡᠯᠡᠭᠰᠡᠨ ᠴᠠᠭ᠄
2024/3/18
                  ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠵᠢᠭᠠᠪᠤᠷᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠨᠡᠨᠬᠦ ᠴᠢᠩᠭᠠᠷᠠᠭᠤᠯᠵᠤ᠂ ᠪᠠᠷᠠᠭᠤᠨ ᠪᠡᠯ ᠪᠠᠯᠭᠠᠰᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ︾ ᠵᠢᠴᠢ ᠡᠯ᠎ᠡ ᠠᠵᠢᠯ ᠲᠦᠷᠦᠯ ᠤᠨ ᠬᠦᠷᠢᠶᠡᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠵᠢᠴᠢ 2024 ᠣᠨ ᠤ ᠠᠶᠤᠯᠭᠦᠢ ᠦᠢᠯᠡᠳᠪᠦᠷᠢᠯᠡᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠣᠨᠴᠠᠭᠠᠶᠢᠯᠠᠨ ᠲᠣᠭᠲᠠᠭᠠᠪᠠ᠃             ᠨᠢᠭᠡ᠂ ᠠᠶᠤᠯ ᠦᠭᠡᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ             1. ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯ ᠦᠭᠡᠢ ᠦᠢᠯᠡᠳᠪᠦᠷᠢᠯᠡᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠲᠥᠰᠥᠯ ᠪᠠ ᠠᠷᠭ᠎ᠠ ᠬᠡᠮᠵᠢᠶ᠎ᠡ ᠶᠢ ᠲᠣᠭᠲᠠᠭᠠᠪᠠ᠃             2. ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠲᠦᠮᠵᠢᠲᠡᠶ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠢᠴᠢ ᠡᠯ᠎ᠡ ᠲᠥᠷᠥᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠳᠡᠯ ᠢ ᠰᠡᠷᠭᠡᠶᠢᠯᠡᠨ ᠠᠷᠢᠯᠭᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃             3. ᠠᠶᠤᠯ ᠦᠭᠡᠢ ᠦᠢᠯᠡᠳᠪᠦᠷᠢᠯᠡᠯ ᠢ ᠪᠠᠷᠠᠭᠤᠨ ᠪᠧᠷᠢ ᠪᠠᠯᠭᠠᠰᠤᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠤᠯᠠᠷᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃             4. ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃       5. ᠠᠶᠤᠯ ᠦᠭᠡᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠪᠦᠬᠦ ᠨᠡᠶᠢᠭᠡᠮ ᠤᠨ ᠠᠶᠤᠯ ᠦᠭᠡᠶ ᠦᠢᠯᠡᠳᠪᠦᠷᠢᠯᠡᠯ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃       6. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠬᠦ ᠶᠢᠨ ᠬᠠᠮᠲᠤ ᠰᠢᠢᠳᠪᠦᠷᠢᠯᠡᠬᠦ ᠰᠠᠨᠠᠯ ᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃       7. ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠲᠤᠰᠬᠠᠶ ᠰᠡᠳᠦᠪᠲᠦ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠬᠢᠭᠡᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃       8. ᠠᠶᠤᠯ ᠦᠭᠡᠶ ᠦᠢᠯᠡᠳᠪᠦᠷᠢᠯᠡᠯ ᠢ ᠠᠵᠤ ᠠᠬᠤᠶ ᠨᠡᠶᠢᠭᠡᠮ ᠤᠨ ᠬᠥᠭᠵᠢᠯᠲᠡ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠴᠢᠬᠤᠯᠠ ᠭᠦᠢᠴᠡᠳᠬᠡᠬᠦ ᠲᠤᠭ᠎ᠠ ᠪᠣᠯᠤᠨ ᠺᠠᠳ᠋ᠷ ᠤᠨ ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠶ᠃       9. ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠬᠠᠷᠠᠯᠲᠠᠲᠤ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠭᠤᠣᠯ ᠤᠳᠤᠷᠢᠳᠤᠯᠭ᠎ᠠ ᠶᠢᠨ ᠲᠤᠰᠢᠶᠠᠯ ᠤᠨ ᠮᠡᠳᠡᠭᠦᠯᠦᠯᠲᠡ ᠬᠢᠬᠦ ᠠᠭᠤᠯᠭ᠎ᠠ ᠳᠤ ᠣᠷᠣᠭᠤᠯᠬᠤ ᠬᠡᠷᠡᠭᠲᠡᠢ᠃       10. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠶᠤᠯ ᠦᠭᠡᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃       ᠬᠤᠶᠠᠷ᠂ 2024 ᠣᠨ ᠤ ᠡᠭᠦᠷᠭᠡ ᠶᠢᠨ ᠨᠠᠷᠢᠨ ᠬᠠᠭᠤᠳᠠᠰᠤ       1. ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠬᠤᠷᠠᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠳᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃       2. ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠲᠥᠰᠦᠯ᠂ ᠠᠶᠤᠯ ᠦᠭᠡᠶ ᠦᠢᠯᠡᠳᠪᠦᠷᠢᠯᠡᠯ ᠤᠨ ᠣᠨ ᠤ ᠠᠵᠢᠯ ᠤᠨ ᠭᠤᠤᠯᠳᠠᠯᠭ᠎ᠠ ᠶᠢ ᠲᠣᠭᠲᠠᠭᠠᠬᠤ ᠬᠡᠷᠡᠭᠲᠡᠶ᠃             3. ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠤᠯᠠᠷᠢᠯ ᠪᠦᠷᠢ ᠳᠤ ᠠᠶᠤᠯ ᠦᠭᠡᠢ ᠦᠢᠯᠡᠳᠪᠦᠷᠢᠯᠡᠯ ᠤᠨ ᠬᠦᠷᠢᠶ᠎ᠡ ᠴᠠᠷᠠᠭ᠎ᠠ ᠶᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢ ᠰᠢᠮᠳᠠᠭᠤᠯᠤᠨ᠂ ᠳᠠᠯᠳᠠ ᠬᠡᠮ ᠢ ᠬᠦᠴᠦᠨ ᠦᠭᠡᠢ ᠪᠣᠯᠭᠠᠬᠤ ᠶᠢ ᠪᠠᠲᠤᠯᠠᠨ᠎ᠠ᠃             4. ᠠᠮᠤᠷ ᠲᠦᠪᠰᠢᠨ ᠤ ᠠᠮᠢᠳᠤ ᠪᠣᠳᠠᠰ ᠤᠨ ᠶᠡᠷᠦᠩᠬᠡᠶᠢᠯᠡᠭᠰᠡᠨ ᠭᠠᠷᠤᠯᠲᠠ ᠶᠢᠨ ᠪᠠᠶᠢᠴᠠᠭᠠᠯᠲᠠ ᠶᠢ ᠴᠢᠩᠭᠠᠷᠠᠭᠤᠯᠵᠤ᠂ ᠠᠶᠤᠯᠲᠠᠢ ᠬᠢᠮᠢ ᠶᠢᠨ ᠪᠣᠳᠠᠰ᠂ ᠨᠡᠭᠦᠷᠡᠰᠦᠨ ᠤ ᠪᠤᠰᠤ ᠠᠭᠤᠷᠬᠠᠢ ᠶᠢᠨ ᠬᠦᠷᠢᠶ᠎ᠡ ᠴᠠᠷᠠᠭ᠎ᠠ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠭᠠᠯ ᠤᠨᠲᠠᠷᠠᠭᠠᠬᠤ᠂ ᠲᠠᠷᠢᠶᠠᠴᠢᠳ ᠤᠨ ᠮᠠᠯ ᠠᠵᠤ ᠠᠬᠤᠢ ᠶᠢᠨ ᠪᠠᠭᠠᠵᠢ ᠬᠡᠷᠡᠭᠰᠡᠯ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠪᠣᠳᠠᠰ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠪᠠᠶᠢᠩᠭᠤᠵᠢᠭᠤᠯᠤᠨ ᠪᠠᠶᠢᠴᠠᠭᠠᠯᠲᠠ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠬᠡ ᠵᠢᠭᠰᠠᠭᠠᠯᠲᠠ ᠶᠢ ᠪᠠᠶᠢᠭᠤᠯᠤᠨ᠎ᠠ᠃             5. ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠨ ᠱᠠᠭᠠᠷᠳᠠᠵᠤ᠂ ᠤᠯᠠᠷᠢᠯ ᠪᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠬᠡ ᠵᠢᠭᠰᠠᠭᠠᠯᠲᠠ ᠲᠠᠢ ᠬᠠᠷᠭᠤᠭᠤᠯᠵᠤ᠂ ︽ᠡᠷᠭᠢᠵᠦ ᠦᠵᠡᠬᠦ ︾ ᠠᠵᠢᠯᠯᠠᠭ᠎ᠠ ᠶᠢ ᠥᠷᠨᠢᠭᠦᠯᠦᠨ᠂ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠪᠠᠲᠤᠯᠠᠬᠤ ᠬᠡᠷᠡᠭᠲᠡᠢ᠃             6᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠪᠣᠯᠪᠠᠰᠤᠷᠠᠯ ᠤᠨ ᠬᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ ᠵᠤᠷᠰᠢᠯᠲᠤ ᠰᠤᠷᠤᠯᠴᠠᠯᠭ᠎ᠠ ᠶᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠰᠤᠷᠤᠯᠴᠠᠯᠭ᠎ᠠ ᠶᠢ ᠨᠠᠮ ᠤᠨ ᠬᠤᠷᠢᠶ᠎ᠠ ᠶᠢᠨ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠣᠶᠢᠯᠠᠭᠠᠬᠤ ᠬᠡᠷᠡᠭᠲᠡᠢ᠃             7. ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ᠂ ᠠᠶᠤᠯ ᠦᠭᠡᠢ ᠦᠢᠯᠡᠳᠪᠦᠷᠢᠯᠡᠯ ᠤᠨ ᠰᠠᠷ᠎ᠠ᠂ ᠬᠤᠶᠠᠷ ᠬᠤᠷᠠᠯ᠂ ︽ᠲᠠᠪᠤᠨ ᠵᠢᠯ︾᠎ ᠤᠨ ᠴᠤᠭᠯᠠᠭ᠎ᠠ ᠮᠠᠶᠢᠮᠠᠢ ᠵᠡᠷᠭᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢ ᠥᠷᠨᠢᠭᠦᠯᠵᠦ᠂ ᠰᠦᠯᠵᠢᠶᠡᠨ ᠤ ᠲᠠᠪᠴᠠᠩ ᠢ ᠠᠰᠢᠭᠯᠠᠨ ᠰᠦᠯᠵᠢᠶᠡᠨ ᠠᠴᠠ ᠭᠠᠳᠠᠭᠤᠷᠬᠢ ᠳᠡᠯᠭᠡᠷᠡᠭᠦᠯᠦᠯᠲᠡ ᠶᠢ ᠥᠷᠨᠢᠭᠦᠯᠦᠨ᠎ᠡ᠃             8. ᠠᠶᠤᠯ ᠦᠭᠡᠢ ᠦᠢᠯᠡᠳᠪᠦᠷᠢᠯᠡᠯ ᠤᠨ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠡᠵᠡᠮᠳᠡᠵᠦ᠂ ᠪᠥᠬᠦ ᠤᠯᠤᠰ ᠤᠨ ᠡᠯ᠎ᠡ ᠲᠥᠷᠥᠯ ᠤᠨ ᠬᠦᠨᠳᠦ ᠣᠨᠴᠠ ᠶᠡᠭᠡ ᠠᠶᠤᠯ ᠦᠭᠡᠢ ᠦᠢᠯᠡᠳᠪᠦᠷᠢᠯᠡᠯ ᠤᠨ ᠠᠳᠡᠯ ᠳᠤ ᠴᠢᠭᠯᠡᠭᠦᠯᠦᠨ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠦᠨ᠎ᠡ᠃             9. ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠠᠢ ᠵᠣᠯᠭᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠢᠢᠳᠪᠦᠷᠢᠯᠡᠨ᠎ᠡ᠃             10. ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾᠎ ᠶᠢᠨ ᠲᠤᠰᠬᠠᠢ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠠᠳᠡᠯ ᠢ ᠰᠡᠷᠭᠡᠶᠢᠯᠡᠨ ᠰᠡᠷᠡᠮᠵᠢᠯᠡᠭᠦᠯᠬᠦ ᠬᠥᠮᠦᠵᠢᠯ ᠪᠠ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠠᠵᠢᠯᠯᠠᠭ᠎ᠠ ᠶᠢ ᠬᠢᠨᠠᠮᠠᠭᠠᠢ ᠥᠷᠨᠢᠭᠦᠯᠦᠨ᠎ᠡ᠃                                                 2024 ᠣᠨ ᠤ 3 ᠰᠠᠷ᠎ᠠ ᠶᠢᠨ 14
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号