ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ︽ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠭᠢᠯᠡᠬᠦ ᠵᠥᠪᠰᠢᠶᠡᠷᠡᠯ ᠤᠨ ᠦᠨᠡᠮᠯᠡᠯ︾᠎ ᠢ ᠬᠦᠴᠦᠨ ᠥᠬᠡᠶ ᠪᠣᠯᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/3/18
            ᠡᠳᠦᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠳᠠᠯᠠᠳᠤᠭᠠᠷ ᠵᠦᠢᠯ ᠤᠨ ︵ᠨᠢᠭᠡᠳᠦᠭᠡᠷ︶ ᠵᠤᠷᠪᠤᠰ᠂ ︽ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾᠎ ᠤᠨ ᠬᠤᠷᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠳᠣᠤᠷᠠᠬᠢ ᠮᠡᠲᠦ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ︽ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ︾᠎ ᠢ ᠬᠠᠤᠯᠢ ᠶᠣᠰᠣᠭᠠᠷ ᠬᠦᠴᠦᠨ ᠦᠭᠡᠶ ᠪᠣᠯᠭᠠᠬᠤ ᠪᠠᠷ ᠲᠣᠭᠲᠠᠪᠠ᠃ ᠳᠣᠤᠷᠠᠬᠢ ᠮᠡᠲᠦ ᠨᠡᠶᠢᠭᠡᠮ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠨᠢ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠂ ᠡᠯ᠎ᠡ ᠵᠦᠢᠯ ᠤᠨ ᠡᠮᠴᠢᠯᠡᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠳᠠᠬᠢᠵᠤ ᠬᠢᠵᠦ ᠪᠣᠯᠬᠤ ᠦᠭᠡᠶ᠃       ᠣᠨᠴᠠᠭᠠᠶᠢᠯᠠᠨ ᠵᠠᠷᠯᠠᠪᠠ       ᠳ᠋ᠤᠭᠠᠷᠯᠠᠯ᠄ 1       ᠪᠠᠶᠢᠭᠤᠯᠤᠮᠵᠢ ᠶᠢᠨ ᠨᠡᠷᠡᠶᠢᠳᠦᠯ᠄ ᠠᠯᠠᠱᠠ ᠶᠢᠨ ᠵᠠᠩ ᠯᠢ ᠮᠢᠨ ᠶᠡᠷᠥᠩᠬᠡᠶᠢᠯᠡᠭᠰᠡᠨ ᠡᠮᠨᠡᠯᠭᠡ ᠶᠢᠨ ᠬᠤᠷᠢᠶ᠎ᠠ       ᠳᠠᠩᠰᠠᠯᠠᠬᠤ ᠳ᠋ᠤᠭᠠᠷ᠄ PDY60206115292117A1002       ᠬᠠᠶ᠋ᠢᠭ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠪᠠᠯᠭᠠᠰᠤ             ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ / ᠬᠠᠷᠢᠭᠤᠴᠠᠯᠭᠠᠲᠠᠨ᠄ ᠵᠠᠩ ᠯᠢ ᠮᠢᠨ᠂ ᠲᠦᠪᠰᠢᠨ       ᠬᠦᠴᠦᠨ ᠦᠭᠡᠢ ᠪᠣᠯᠭᠠᠬᠤ ᠰᠢᠯᠲᠠᠭᠠᠨ᠄ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠵᠣᠭᠰᠣᠬᠤ᠂ ᠡᠮᠴᠢᠯᠡᠭᠡᠨ ᠤ ᠪᠠᠶᠢᠭᠤᠯᠤᠮᠵᠢ ᠶᠢ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠨᠡᠭᠦᠯᠭᠡᠨ ᠪᠠᠶᠢᠭᠤᠯᠬᠤ ᠰᠢᠯᠲᠠᠭᠠᠨ ᠠᠴᠠ ᠪᠣᠯᠵᠣ ᠠᠵᠢᠯ ᠵᠣᠭᠰᠣᠭᠠᠳ ᠨᠢᠭᠡ ᠵᠢᠯ ᠬᠡᠲᠦᠷᠡᠪᠡ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号