ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢ ᠰᠢᠢᠳᠪᠦᠷᠢᠯᠡᠬᠦ ᠳᠤ ᠡᠷᠬᠡᠪᠰᠢ ᠮᠡᠳᠡᠬᠦ ᠬᠡᠷᠡᠭᠲᠡᠢ ᠵᠦᠢᠯ
ᠨᠡᠶᠢᠲᠡᠯᠡᠭᠰᠡᠨ ᠴᠠᠭ᠄
2024/3/18
       1      ᠡᠭᠦᠳᠡᠨ ᠡᠮᠨᠡᠯᠭᠡ ᠶᠢᠨ ᠤᠵᠢᠭ ᠡᠪᠡᠳᠴᠢᠨ ᠤ ᠵᠦᠢᠯ       ︽ᠬᠤᠲᠠ ᠬᠥᠳᠡᠭᠡ ᠶᠢᠨ ᠰᠠᠭᠤᠭᠠᠯᠢ ᠠᠷᠠᠳ︾᠄ ᠣᠨᠴᠠᠭᠠᠶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠨᠢ 26 ᠵᠦᠢᠯ ᠪᠠᠶᠢᠵᠤ᠂ A᠂ B ᠭᠡᠵᠦ ᠬᠤᠶᠠᠷ ᠲᠥᠷᠥᠯ ᠳᠤ ᠬᠤᠪᠢᠶᠠᠨ᠎ᠠ᠃ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠣᠨᠴᠠᠭᠠᠶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠡᠬᠢᠯᠡᠵᠦ ᠲᠥᠯᠥᠬᠦ ᠬᠢᠵᠠᠭᠠᠷ ᠨᠢ 600 ᠲᠥᠭᠦᠷᠢᠭ ᠪᠣᠯᠣᠨ᠎ᠠ᠃ A ᠲᠥᠷᠥᠯ ᠤᠨ ᠨᠥᠬᠦᠪᠦᠷᠢ ᠶᠢᠨ ᠬᠠᠷᠢᠴᠠᠯ ᠨᠢ 60%᠂ B ᠲᠥᠷᠥᠯ ᠤᠨ ᠨᠥᠬᠦᠪᠦᠷᠢ ᠶᠢᠨ ᠬᠠᠷᠢᠴᠠᠯ ᠨᠢ 70% ᠪᠣᠯᠣᠨ᠎ᠠ᠃      A ᠲᠥᠷᠥᠯ ᠨᠢ᠄ 2 ᠳᠡᠰ ᠵᠢᠴᠢ 2 ᠳᠡᠰ ᠠᠴᠠ ᠳᠡᠭᠡᠭᠰᠢ ᠴᠢᠰᠤᠨ ᠳᠠᠷᠤᠯᠲᠠ ᠥᠨᠳᠥᠷ ᠡᠪᠡᠳᠴᠢᠨ᠃ ᠵᠢᠷᠦᠬᠡᠨ ᠲᠢᠲᠢᠮ ᠤᠨ ᠡᠪᠡᠳᠴᠢᠨ᠂ ᠳᠠᠬᠢᠨ ᠲᠥᠯᠥᠵᠢᠬᠦ ᠰᠠᠭᠠᠲᠠᠯ ᠤᠨ ᠴᠢᠨᠠᠷᠲᠠᠢ ᠴᠢᠰᠤ ᠳᠤᠲᠠᠬᠤ᠂ ᠲᠠᠷᠢᠬᠢᠨ ᠴᠢᠰᠤᠨ ᠰᠤᠳᠠᠯ ᠠᠴᠠ ᠴᠢᠰᠤ ᠭᠠᠷᠤᠭᠰᠠᠨ ᠤ ᠤᠷᠬᠠᠭ ᠭᠡᠮ᠂ ᠡᠯᠢᠭᠡᠨ ᠤ ᠬᠠᠲᠠᠭᠤᠷᠠᠯ ᠣᠷᠣᠯᠠᠬᠤ ᠬᠤᠭᠤᠴᠠᠭ᠎ᠠ ᠪᠠᠨ ᠠᠯᠳᠠᠬᠤ᠂ ᠲᠤᠯᠠᠢ ᠶᠢᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ᠂ ᠤᠳᠠᠭᠠᠨ ᠴᠢᠨᠠᠷᠲᠠᠢ ᠲᠦᠭᠵᠢᠷᠡᠬᠦ ᠴᠢᠨᠠᠷᠲᠠᠢ ᠠᠭᠤᠰᠬᠢᠨ ᠬᠡᠢ ᠬᠠᠪᠤᠩ᠂ ᠤᠳᠠᠭᠠᠨ ᠴᠢᠨᠠᠷᠲᠠᠢ ᠠᠭᠤᠰᠬᠢᠨ ᠠᠴᠠ ᠰᠢᠯᠲᠠᠭᠠᠯᠠᠭᠰᠠᠨ ᠵᠢᠷᠦᠬᠡᠨ ᠡᠪᠡᠳᠴᠢᠨ᠂ ᠤᠨᠠᠳᠠᠭ ᠡᠪᠡᠳᠴᠢᠨ᠂ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠫᠠᠷᠺᠢᠨᠰᠤᠨ ᠤ ᠡᠪᠡᠳᠴᠢᠨ᠂ ᠪᠠᠮᠪᠠᠢ ᠪᠤᠯᠴᠢᠷᠬᠠᠢ ᠶᠢᠨ ᠡᠪᠡᠳᠴᠢᠨ᠂ ᠪᠷᠦ᠋ᠼᠧᠯ ᠰᠠᠪᠬᠠᠨᠴᠢᠷ ᠪᠠᠺᠲ᠋ᠧᠷᠢ ᠶᠢᠨ ᠡᠪᠡᠳᠴᠢᠨ᠂ ᠤᠳᠠᠭᠠᠨ ᠴᠢᠨᠠᠷᠲᠠᠢ ᠳᠤᠮᠳᠠ ᠵᠡᠷᠭᠡ ᠶᠢᠨ ᠪᠠ ᠬᠦᠨᠳᠦ ᠬᠡᠮᠵᠢᠶᠡᠨ ᠤ ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ᠂ ᠵᠢᠷᠦᠬᠡᠨ ᠤ ᠬᠠᠪᠬᠠᠯᠠᠭ᠎ᠠ ᠶᠢ ᠰᠣᠯᠢᠬᠤ ᠮᠡᠰᠡ ᠵᠠᠰᠠᠯ᠂ ᠴᠢᠰᠤᠨ ᠰᠤᠳᠠᠯ ᠤᠨ ᠲᠤᠯᠬᠤ ᠵᠢᠶᠠᠰᠠ ᠶᠢ ᠲᠠᠷᠢᠵᠤ ᠣᠷᠣᠭᠤᠯᠬᠤ ᠪᠠ ᠬᠥᠭᠦᠷᠭᠡ ᠲᠠᠯᠪᠢᠬᠤ ᠮᠡᠰᠡ ᠵᠠᠰᠠᠯ ᠤᠨ ᠳᠠᠷᠠᠭ᠎ᠠ ᠦᠶ᠎ᠡ ᠭᠡᠰᠢᠭᠦᠦ ᠲᠣᠮᠣᠷᠠᠬᠤ ᠡᠪᠡᠳᠴᠢᠨ᠂ ᠠᠭᠤᠰᠬᠢᠨ ᠯᠤᠭᠰᠢᠭᠤᠨ ᠰᠤᠳᠠᠯ ᠤᠨ ᠥᠨᠳᠥᠷ ᠳᠠᠷᠤᠯᠲᠠ︔      B ᠲᠥᠷᠥᠯ ᠨᠢ᠄ ᠪᠥᠭᠡᠷᠡᠨ ᠤ ᠠᠵᠢᠯᠯᠠᠭ᠎ᠠ ᠪᠦᠷᠢᠨ ᠪᠤᠰᠤ ᠶᠢᠨ ᠰᠡᠭᠦᠯᠴᠢ ᠶᠢᠨ ᠬᠤᠭᠤᠴᠠᠭ᠎ᠠ ︵ᠡᠮ ᠬᠤᠳᠠᠯᠳᠤᠨ ᠠᠪᠬᠤ︶᠂ ᠴᠢᠰᠤ ᠴᠠᠶᠢᠬᠤ ᠡᠪᠡᠳᠴᠢᠨ᠃       ︽ᠬᠤᠲᠠ ᠪᠠᠯᠭᠠᠰᠤᠨ ᠤ ᠠᠵᠢᠯᠲᠠᠨ ᠠᠵᠢᠯᠴᠢᠨ︾᠄ ᠣᠨᠴᠠᠭᠠᠶ ᠡᠭᠦᠳᠡᠨ ᠡᠮᠨᠡᠯᠭᠡ ᠶᠢᠨ ᠠᠷᠬᠠᠭ ᠡᠪᠡᠳᠴᠢᠨ 32 ᠵᠦᠢᠯ ᠪᠣᠯᠣᠨ᠎ᠠ᠃ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠣᠨᠴᠠᠭᠠᠶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠡᠬᠢᠯᠡᠵᠦ ᠲᠥᠯᠥᠬᠦ ᠬᠢᠵᠠᠭᠠᠷ ᠨᠢ 600 ᠲᠥᠭᠦᠷᠢᠭ ᠪᠠᠶᠢᠵᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠣᠨᠴᠠᠭᠠᠶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠡᠮᠴᠢᠯᠡᠭᠡᠨ ᠤ ᠵᠠᠷᠤᠳᠠᠯ ᠤᠨ ᠨᠥᠬᠦᠪᠦᠷᠢ ᠨᠢ 80% ᠪᠣᠯᠣᠨ᠎ᠠ᠃      ᠡᠪᠡᠳᠴᠢᠨ ᠤ ᠲᠦᠷᠦᠯ ᠨᠢ ᠲᠤᠰ ᠲᠤᠰ᠄ 2 ᠳᠡᠰ ᠵᠢᠴᠢ 2 ᠳᠡᠰ ᠠᠴᠠ ᠳᠡᠭᠡᠭᠰᠢᠬᠢ ᠴᠢᠰᠤᠨ ᠳᠠᠷᠤᠯᠲᠠ ᠥᠨᠳᠥᠷ ᠡᠪᠡᠳᠴᠢᠨ᠂ ᠲᠡᠯᠡᠯᠲᠡ ᠶᠢᠨ ᠴᠢᠨᠠᠷᠲᠠᠢ ᠵᠢᠷᠦᠬᠡᠨ ᠪᠤᠯᠴᠢᠩ ᠤᠨ ᠡᠪᠡᠳᠴᠢᠨ᠃ ᠵᠤᠵᠠᠭᠠᠷᠠᠨ ᠵᠤᠵᠠᠭᠠᠷᠠᠬᠤ ᠴᠢᠨᠠᠷᠲᠠᠢ ᠵᠢᠷᠦᠬᠡᠨ ᠪᠤᠯᠴᠢᠩ ᠤᠨ ᠡᠪᠡᠳᠴᠢᠨ᠃ ᠠᠭᠤᠰᠬᠢᠨ ᠠᠴᠠ ᠰᠢᠯᠲᠠᠭᠠᠯᠠᠭᠰᠠᠨ ᠤᠳᠠᠭᠠᠨ ᠴᠢᠨᠠᠷᠲᠠᠢ ᠵᠢᠷᠦᠬᠡᠨ ᠡᠪᠡᠳᠴᠢᠨ᠃ ᠲᠠᠷᠢᠬᠢᠨ ᠤ ᠯᠤᠭᠰᠢᠭᠤᠨ ᠰᠤᠳᠠᠯ ᠤᠨ ᠬᠠᠲᠠᠭᠤᠷᠠᠯ ᠭᠡᠮ᠃ ᠲᠠᠷᠢᠬᠢᠨ ᠴᠢᠰᠤᠨ ᠰᠤᠳᠠᠯ ᠳᠤ ᠴᠢᠰᠤ ᠭᠠᠷᠤᠭᠰᠠᠨ ᠤ ᠤᠷᠬᠠᠭ ᠭᠡᠮ᠃ ᠲᠠᠷᠢᠬᠢᠨ ᠤ ᠴᠢᠰᠤᠨ ᠰᠤᠳᠠᠯ ᠤᠨ ᠲᠦᠭᠵᠢᠷᠡᠯ ᠤᠨ ᠠᠷᠬᠠᠭ ᠭᠡᠮ᠂ ᠭᠠᠩᠰᠠᠷᠠᠯ ᠤᠨ ᠭᠡᠮ᠂ ᠲᠤᠯᠠᠢ ᠶᠢᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ᠂ ᠰᠢᠰᠲ᠋ᠧᠮᠲᠦ ᠴᠢᠨ᠋ᠸ᠎ᠠ ᠶᠢᠨ ᠶᠠᠷ᠎ᠠ ᠵᠢᠷᠦᠬᠡᠨ ᠲᠢᠲᠢᠮ ᠤᠨ ᠡᠪᠡᠳᠴᠢᠨ ︵ᠬᠡᠪᠰᠢᠮᠡᠯ ᠵᠠᠰᠠᠯ︶ ᠃ ᠤᠳᠠᠭᠠᠨ ᠴᠢᠨᠠᠷᠲᠠᠢ ᠲᠦᠭᠵᠢᠷᠡᠬᠦ ᠴᠢᠨᠠᠷᠲᠠᠢ ᠠᠭᠤᠰᠬᠢᠨ ᠤ ᠬᠡᠢ ᠬᠠᠪᠤᠩ᠃ ᠫᠠᠷᠺᠢᠨᠰᠤᠨ᠂ ᠥᠪᠡᠷ ᠤᠨ ᠦᠨᠳᠦᠰᠦᠲᠦ ᠴᠢᠰᠤᠨ ᠢᠯᠲᠠᠰᠤ ᠪᠠᠭᠠᠰᠬᠤ ᠴᠢᠨᠠᠷᠲᠠᠢ ᠪᠣᠷᠣ ᠲᠣᠯᠪᠤ᠃ ᠥᠪᠡᠷ ᠤᠨ ᠦᠨᠳᠦᠰᠦᠲᠦ ᠴᠢᠰᠤᠨ ᠢᠯᠲᠠᠰᠤ ᠨᠡᠮᠡᠭᠳᠡᠬᠦ ᠭᠡᠮ ᠤᠨ ᠭᠤᠣᠯ ᠯᠤᠭᠰᠢᠭᠤᠨ ᠰᠤᠳᠠᠯ ᠤᠨ ᠳᠠᠪᠬᠤᠷᠭ᠎ᠠ ︵ᠭᠤᠣᠯ ᠯᠤᠭᠰᠢᠭᠤᠨ ᠰᠤᠳᠠᠯ ᠤᠨ ᠬᠠᠨ᠎ᠠ ᠶᠢᠨ ᠬᠤᠭᠤᠷᠣᠨᠳᠣᠬᠢ ᠯᠤᠭᠰᠢᠭᠤᠨ ᠰᠤᠳᠠᠯ ᠤᠨ ᠪᠡᠲᠡᠭᠢ︶᠂ ᠤᠳᠠᠭᠠᠨ ᠴᠢᠨᠠᠷᠲᠠᠢ ᠳᠤᠮᠳᠠ ᠵᠡᠷᠭᠡ ᠶᠢᠨ ᠪᠠ ᠬᠦᠨᠳᠦ ᠬᠡᠮᠵᠢᠶᠡᠨ ᠤ ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ᠂ ᠡᠯᠢᠭᠡᠨ ᠤ ᠬᠠᠲᠠᠭᠤᠷᠠᠯ ᠣᠷᠣᠯᠠᠬᠤ ᠬᠤᠭᠤᠴᠠᠭ᠎ᠠ ᠪᠠᠨ ᠠᠯᠳᠠᠬᠤ᠂ ᠵᠢᠷᠦᠬᠡᠨ ᠲᠢᠲᠢᠮ ᠤᠨ ᠡᠪᠡᠳᠴᠢᠨ ᠤ ᠲᠤᠯᠬᠤ ᠵᠢᠶᠠᠰᠠ ᠶᠢ ᠲᠠᠷᠢᠵᠤ ᠣᠷᠣᠭᠤᠯᠬᠤ ᠪᠠ ᠬᠥᠭᠦᠷᠭᠡ ᠲᠠᠯᠪᠢᠬᠤ ᠵᠠᠰᠠᠯ ᠬᠢᠭᠰᠡᠨ ᠤ ᠳᠠᠷᠠᠭ᠎ᠠ᠂ ᠪᠥᠭᠡᠷᠡᠨ ᠤ ᠠᠵᠢᠯᠯᠠᠭ᠎ᠠ ᠪᠦᠷᠢᠨ ᠪᠤᠰᠤ ︵ᠡᠮ ᠬᠤᠳᠠᠯᠳᠤᠨ ᠠᠪᠬᠤ︶᠂ ᠪᠥᠭᠡᠷᠡᠨ ᠡᠪᠡᠳᠴᠢᠨ ᠤ ᠨᠡᠶᠢᠯᠡᠭ ᠭᠡᠮ᠂ ᠤᠳᠠᠭᠠᠨ ᠴᠢᠨᠠᠷᠲᠠᠢ ᠪᠥᠭᠡᠷᠡᠨ ᠤ ᠵᠢᠵᠢᠭ ᠪᠥᠭᠡᠮ ᠤᠨ ᠪᠥᠭᠡᠷᠡᠨ ᠦᠷᠪᠢᠰᠦᠯ᠂ ᠳᠠᠬᠢᠨ ᠲᠥᠯᠥᠵᠢᠬᠦ ᠰᠠᠭᠠᠲᠠᠯ ᠤᠨ ᠴᠢᠨᠠᠷᠲᠠᠢ ᠴᠢᠰᠤ ᠳᠤᠲᠠᠬᠤ᠂ ᠲᠣᠮᠣ ᠶᠠᠰᠤᠨ ᠤ ᠵᠠᠩᠭᠢᠯᠠᠭᠠᠲᠤ ᠡᠪᠡᠳᠴᠢᠨ᠂ ᠠᠭᠤᠰᠬᠢᠨ ᠯᠤᠭᠰᠢᠭᠤᠨ ᠰᠤᠳᠠᠯ ᠤᠨ ᠥᠨᠳᠥᠷ ᠳᠠᠷᠤᠯᠲᠠ᠂ ᠴᠢᠰᠤ ᠴᠠᠶᠢᠬᠤ ᠡᠪᠡᠳᠴᠢᠨ᠃       ︵ᠵᠡᠭᠦᠯᠲᠡ︶ ᠡᠭᠦᠨ ᠳᠤ ᠬᠤᠣᠷᠲᠤ ᠬᠠᠪᠤᠳᠠᠷ ᠢ ᠡᠭᠦᠳᠡᠨ ᠡᠮᠨᠡᠯᠭᠡ ᠳᠤ ᠡᠮᠨᠡᠨ ᠵᠠᠰᠠᠬᠤ᠂ ᠰᠢᠭᠡᠰᠦᠨ ᠬᠤᠣᠷᠳᠠᠯ ᠢ ᠨᠡᠪᠲᠡᠷᠡᠭᠦᠯᠦᠨ ᠢᠯᠭᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠣᠨᠳᠣᠣᠰᠢᠭᠤᠯᠬᠤ ᠶᠢ ᠡᠰᠡᠷᠭᠦᠴᠡᠬᠦ ᠵᠠᠰᠠᠯ᠂ ᠬᠦᠨᠳᠦ ᠮᠡᠳᠡᠷᠡᠯ ᠤᠨ ᠡᠪᠡᠳᠴᠢᠲᠡᠨ ᠢ ᠡᠮ ᠢᠶᠠᠷ ᠡᠮᠨᠡᠨ ᠵᠠᠰᠠᠬᠤ᠂ ᠰᠢᠬᠢᠷ ᠰᠢᠵᠢᠩ ᠡᠪᠡᠳᠴᠢᠨ᠂ ᠠᠭᠤᠰᠬᠢᠨ ᠤ ᠰᠦᠷᠢᠶ᠎ᠡ ᠵᠡᠷᠭᠡ 6 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢ ᠡᠭᠦᠳᠡᠨ ᠡᠮᠨᠡᠯᠭᠡ ᠶᠢᠨ ᠣᠨᠴᠠᠭᠠᠢ ᠡᠪᠡᠳᠴᠢᠨ ᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠲᠠᠢ ᠡᠬᠢᠯᠡᠵᠦ ᠲᠥᠯᠥᠬᠦ ᠱᠤᠭᠤᠮ ᠢ ᠬᠠᠮᠲᠤ ᠪᠠᠷ ᠬᠡᠷᠡᠭᠯᠡᠵᠦ᠂ ᠡᠮᠨᠡᠯᠭᠡ ᠳᠤ ᠰᠠᠭᠤᠵᠤ ᠬᠠᠮᠢᠶᠠᠷᠬᠤ ᠪᠠ ᠲᠥᠯᠥᠬᠦ ᠪᠠᠷ ᠯᠠᠪᠯᠠᠯᠲᠠ ᠪᠣᠯᠭᠠᠨ᠎ᠠ᠃       ︵ᠲᠠᠶᠢᠯᠪᠤᠷᠢ︶ ᠣᠨᠴᠠᠭᠠᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠳᠤ ᠬᠡᠷᠡᠭᠯᠡᠬᠦ ᠡᠮ ᠤᠨ ᠵᠦᠢᠯ ᠎ ᠨᠢ ᠡᠷᠬᠡᠪᠰᠢ ᠲᠣᠭᠲᠠᠭᠠᠭᠰᠠᠨ ᠡᠪᠡᠳᠴᠢᠨ ᠤ ᠲᠥᠷᠥᠯ ᠲᠠᠢ ᠨᠢᠭᠡᠳᠦᠯᠲᠡᠢ ᠪᠠᠶᠢᠬᠤ ᠬᠡᠷᠡᠭᠲᠡᠢ ᠪᠥᠭᠡᠳ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ︽ᠭᠤᠷᠪᠠᠨ ᠭᠠᠷᠴᠠᠭ︾᠎ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠡᠭᠦᠨ ᠳᠤ᠂ ᠬᠥᠬᠡ ᠲᠥᠷᠥᠯ ᠤᠨ ᠡᠮ ᠤᠨ ᠵᠦᠢᠯ ᠢ ᠲᠣᠭᠲᠠᠭᠠᠭᠰᠠᠨ ᠬᠠᠷᠢᠴᠠᠯ ᠢᠶᠠᠷ ᠲᠠᠩᠰᠠᠨ ᠠᠴᠠ ᠳᠡᠶᠢᠯᠵᠦ᠂ ᠬᠥᠬᠡᠭᠴᠢᠨ ᠲᠥᠷᠥᠯ ᠤᠨ ᠡᠮ ᠤᠨ ᠵᠦᠢᠯ ᠢ ᠤᠷᠢᠳᠠᠪᠠᠷ 10%᠎ ᠪᠠᠷ ᠪᠠᠭᠤᠷᠠᠭᠤᠯᠤᠭᠰᠠᠨ ᠤ ᠳᠠᠷᠠᠭ᠎ᠠ ᠲᠣᠭᠲᠠᠭᠠᠭᠰᠠᠨ ᠬᠠᠷᠢᠴᠠᠯ ᠢᠶᠠᠷ ᠲᠠᠩᠰᠠᠨ ᠠᠴᠠ ᠳᠡᠶᠢᠯᠵᠦ᠂ ᠤᠯᠠᠭᠠᠨ ᠲᠥᠷᠥᠯ ᠤᠨ ᠡᠮ ᠤᠨ ᠵᠦᠢᠯ ᠵᠢᠴᠢ ᠪᠤᠰᠤᠳ ᠡᠮ ᠤᠨ ᠵᠦᠢᠯ ᠢ ᠪᠥᠬᠦ ᠲᠤᠭ᠎ᠠ ᠪᠠᠷ ᠥᠪᠡᠷ ᠤᠨ ᠵᠠᠷᠤᠳᠠᠯ ᠢᠶᠠᠨ ᠲᠤᠰᠢᠶᠠᠬᠤ ᠡᠮ ᠤᠨ ᠵᠦᠢᠯ ᠪᠣᠯᠭᠠᠨ᠎ᠠ᠃      2      ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢ ᠰᠢᠢᠳᠪᠦᠷᠢᠯᠡᠬᠦ ᠶᠠᠪᠤᠴᠠ ᠵᠢᠴᠢ ᠬᠡᠷᠡᠭᠰᠡᠬᠦ ᠮᠠᠲ᠋ᠧᠷᠢᠶᠠᠯ      1. ᠣᠶᠢᠷ᠎ᠠ ᠶᠢᠨ ᠬᠤᠭᠤᠴᠠᠭᠠᠨ ᠤ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠭᠰᠠᠨ ᠡᠪᠡᠳᠴᠢᠨ ᠤ ᠥᠩᠭᠡᠷᠡᠯᠲᠡ ᠶᠢᠨ ᠬᠠᠭᠤᠯᠪᠤᠷᠢ ︵ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡ ᠪᠠᠶᠢᠬᠤ ᠦᠭᠡᠢ ᠪᠠᠷ ᠣᠶᠢᠷ᠎ᠠ ᠶᠢᠨ ᠨᠢᠭᠡ ᠵᠢᠯ ᠤᠨ ᠳᠣᠲᠣᠷᠠᠬᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ ᠪᠦᠬᠦᠢ ᠡᠪᠡᠳᠴᠢᠨ ᠤ ᠲᠥᠷᠥᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠬᠠᠭᠤᠯᠪᠤᠷᠢ ᠵᠡᠷᠭᠡ ᠮᠠᠲ᠋ᠧᠷᠢᠶᠠᠯ ᠢ ᠬᠠᠩᠭᠠᠬᠤ ᠴᠢᠬᠤᠯᠠᠲᠠᠢ︶᠂ ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠳᠠᠭᠠᠳᠬᠠᠯ ᠤᠨ ᠺᠠᠷᠲ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ ᠶᠢ ᠪᠠᠶᠢᠩᠭᠤ ᠰᠠᠭᠤᠭ᠎ᠠ ᠭᠠᠵᠠᠷ ᠤᠨ ᠬᠠᠷᠢᠶ᠎ᠠ ᠣᠷᠣᠨ ᠤ ᠳᠣᠲᠣᠷᠠᠬᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠤᠶᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠭᠤᠶᠤᠴᠢᠯᠠᠯ ᠤᠨ ᠬᠦᠰᠦᠨᠦᠭᠲᠦ — ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠩᠬᠠᠨ ᠤ ᠬᠢᠨᠠᠯᠲᠠ — ᠡᠮᠴᠢᠯᠡᠭᠡᠨ ᠤ ᠳᠠᠭᠠᠳᠬᠠᠯ ᠤᠨ ᠲᠥᠪ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠬᠦᠷᠭᠡᠵᠦ ᠳᠠᠬᠢᠨ ᠬᠢᠨᠠᠭᠤᠯᠬᠤ — ᠵᠠᠷᠯᠠᠨ ᠨᠡᠶᠢᠲᠡᠯᠡᠬᠦ — ᠨᠡᠶᠢᠭᠡᠮ ᠲᠣᠭᠤᠷᠢᠭ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠲᠤᠰᠬᠠᠢ ᠬᠡᠷᠡᠭᠯᠡᠭᠡᠨ ᠤ ᠡᠪᠡᠳᠴᠢᠨ ᠤ ᠥᠩᠭᠡᠷᠡᠯᠲᠡ ᠶᠢ ᠭᠦᠢᠴᠡᠳᠬᠡᠬᠦ — ᠬᠠᠷᠠᠭᠠᠯᠵᠠᠯ ᠭᠥᠷᠳᠡᠨ᠎ᠡ᠃      2. ᠭᠠᠳᠠᠷ ᠣᠷᠣᠨ ᠳᠤ ᠪᠠᠶᠢᠩᠭᠤ ᠰᠠᠭᠤᠭ᠎ᠠ ᠠᠯᠠᠱᠠ ᠵᠡᠭᠦᠨ ᠬᠤᠰᠢᠭᠤᠨ ᠤ ᠳᠠᠭᠠᠳᠬᠠᠯ ᠳᠤ ᠣᠷᠣᠯᠴᠠᠭᠰᠠᠳ ᠯᠦᠩ ᠰᠢᠶᠠᠩ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠭᠤᠶᠤᠴᠢᠯᠠᠨ ᠭᠦᠢᠴᠡᠳᠬᠡᠵᠦ ᠪᠣᠯᠣᠨ᠎ᠠ᠃      3. ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠡᠮᠨᠡᠭᠦᠯᠦᠭᠰᠡᠨ ᠤ ᠳᠠᠷᠠᠭ᠎ᠠ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠨᠣᠰᠢᠯᠠᠭᠰᠠᠨ ᠡᠪᠡᠳᠴᠢᠨ ᠤ ᠲᠥᠷᠥᠯ ᠢ ᠡᠮᠨᠡᠯᠭᠡ ᠶᠢᠨ ᠬᠤᠷᠢᠶ᠎ᠠ ᠳᠤ ︽ᠨᠢᠭᠡ ᠯᠡ ᠥᠷᠲᠡᠭᠡᠨ ᠤ ᠮᠠᠶ᠋ᠢᠭ︾᠎ ᠢᠶᠠᠷ ᠭᠤᠶᠤᠴᠢᠯᠠᠨ ᠭᠦᠢᠴᠡᠳᠬᠡᠵᠦ ᠪᠣᠯᠣᠨ᠎ᠠ᠃      4. ᠵᠠᠷᠤᠳᠠᠯ ᠢ ᠳ᠋ᠦᠩᠨᠡᠨ ᠪᠤᠳᠤᠬᠤ᠄ ① ᠣᠷᠣᠨ ᠤ ᠳᠣᠲᠣᠷ᠎ᠠ ᠡᠮᠨᠡᠭᠦᠯᠦᠭᠰᠡᠨ ᠵᠠᠷᠤᠳᠠᠯ ᠢ ᠲᠡᠷᠡ ᠳᠠᠷᠤᠢ ᠳᠤᠨᠢ ᠳ᠋ᠦᠩᠨᠡᠨ ᠪᠤᠳᠤᠨ᠎ᠠ᠂ ᠡᠪᠡᠳᠴᠢᠲᠡᠨ ᠣᠷᠣᠨ ᠤ ᠳᠣᠲᠣᠷᠠᠬᠢ ᠡᠯ᠎ᠡ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠠᠴᠠ ᠡᠮ ᠬᠤᠳᠠᠯᠳᠤᠨ ᠠᠪᠴᠤ᠂ ᠳ᠋ᠦᠩᠨᠡᠨ ᠪᠤᠳᠤᠬᠤ ᠦᠶ᠎ᠡ ᠳᠤ ᠵᠥᠪᠬᠡᠨ ᠥᠪᠡᠷ ᠤᠨ ᠵᠠᠷᠤᠳᠠᠯ ᠤᠨ ᠬᠡᠰᠡᠭ ᠢ ᠯᠡ ᠲᠤᠰᠢᠶᠠᠨ᠎ᠠ᠃ ② ᠬᠡᠷᠪᠡ ᠣᠷᠣᠨ ᠤ ᠭᠠᠳᠠᠨᠠᠬᠢ ᠣᠨᠳᠣᠣ ᠭᠠᠵᠠᠷ ᠤᠨ ᠡᠮᠨᠡᠯᠭᠡ ᠶᠢᠨ ᠬᠤᠷᠢᠶ᠎ᠠ ᠠᠴᠠ ᠡᠮ ᠬᠤᠳᠠᠯᠳᠤᠨ ᠠᠪᠬᠤ ᠳᠤ ᠬᠦᠷᠪᠡᠯ ᠲᠣᠭᠲᠠᠮᠠᠯ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠨᠢᠭᠡᠨᠲᠡ ᠨᠡᠭᠡᠭᠡᠭᠰᠡᠨ ᠡᠪᠡᠳᠴᠢᠨ ᠤ ᠲᠥᠷᠥᠯ ᠢ ᠣᠨᠳᠣᠣ ᠭᠠᠵᠠᠷ ᠤᠨ ᠡᠮᠨᠡᠯᠭᠡ ᠶᠢᠨ ᠬᠤᠷᠢᠶ᠎ᠠ ᠳᠤ ᠲᠡᠷᠡ ᠳᠠᠷᠤᠢ ᠳᠤᠨᠢ ᠳ᠋ᠦᠩᠨᠡᠨ ᠪᠤᠳᠤᠵᠤ ᠪᠣᠯᠣᠨ᠎ᠠ ︵ᠲᠣᠭᠲᠠᠮᠠᠯ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠨᠢᠭᠡᠨᠲᠡ ᠨᠡᠭᠡᠭᠡᠭᠰᠡᠨ ᠡᠪᠡᠳᠴᠢᠨ ᠤ ᠲᠥᠷᠥᠯ ᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP · ᠣᠨᠳᠣᠣ ᠭᠠᠵᠠᠷ ᠲᠤ ᠳᠠᠩᠰᠠᠯᠠᠭᠤᠯᠤᠭᠰᠠᠨ ᠬᠠᠪᠲᠠᠭᠠᠢ ᠬᠡᠰᠡᠭ · ᠣᠨᠳᠣᠣ ᠭᠠᠵᠠᠷ ᠲᠤ ᠰᠦᠯᠵᠢᠶᠡᠨ ᠳᠤ ᠬᠤᠯᠪᠣᠭᠰᠠᠨ ᠲᠣᠭᠲᠠᠮᠠᠯ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠪᠠᠶᠢᠴᠠᠭᠠᠨ ᠯᠠᠪᠯᠠᠬᠤ ᠭᠠᠵᠠᠷ ᠠᠴᠠ ᠪᠠᠶᠢᠴᠠᠭᠠᠨ ᠯᠠᠪᠯᠠᠵᠤ ᠪᠣᠯᠣᠨ᠎ᠠ︶᠃ ᠪᠤᠰᠤᠳ ᠡᠪᠡᠳᠴᠢᠨ ᠤ ᠲᠥᠷᠥᠯ ᠳᠤ ᠪᠠᠷᠢᠮᠲᠠ᠂ ᠡᠮ ᠡᠮᠨᠡᠯᠭᠡ ᠶᠢᠨ ᠵᠠᠷᠤᠳᠠᠯ ᠤᠨ ᠨᠠᠷᠢᠨ ᠵᠢᠭᠰᠠᠭᠠᠯᠲᠠ ᠪᠠᠨ ᠠᠪᠴᠤ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠡᠮ ᠡᠮᠨᠡᠯᠭᠡ ᠶᠢᠨ ᠳᠠᠭᠠᠳᠬᠠᠯ ᠤᠨ ᠴᠣᠩᠬᠤᠨ ᠳᠤ ᠬᠦᠷᠴᠦ ᠲᠠᠩᠰᠠ      3      ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠬᠦ ᠡᠮ      1. ᠡᠬᠢᠯᠡᠵᠦ ᠥᠭᠬᠦ ᠪᠠᠷᠢᠮᠵᠢᠶ᠎ᠠ᠃ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠬᠦ ᠡᠮ ᠤᠨ ᠡᠬᠢᠯᠡᠵᠦ ᠲᠥᠯᠥᠬᠦ ᠪᠠᠷᠢᠮᠵᠢᠶ᠎ᠠ ᠶᠢ ᠬᠥᠮᠥᠨ/ᠵᠢᠯ 600 ᠲᠥᠭᠦᠷᠢᠭ ᠪᠣᠯᠭᠠᠨ᠎ᠠ᠃      2. ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ ᠤᠨ ᠵᠠᠷᠤᠳᠠᠯ ᠢ ᠥᠭᠬᠦ ᠬᠠᠷᠢᠴᠠᠯ ᠨᠢ 70% ᠪᠣᠯᠣᠨ᠎ᠠ᠃      3. ᠭᠦᠢᠴᠡᠳᠬᠡᠬᠦ ᠶᠠᠪᠤᠴᠠ᠃ ᠣᠨᠴᠠᠭᠠᠶ ᠡᠭᠦᠳᠡᠨ ᠡᠮᠨᠡᠯᠭᠡ ᠳᠤ ᠬᠡᠷᠡᠭᠯᠡᠬᠦ ᠡᠮ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠣᠶᠢᠷ᠎ᠠ ᠶᠢᠨ ᠬᠤᠭᠤᠴᠠᠭᠠᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠣᠨᠣᠰᠢᠯᠠᠯᠲᠠ ᠶᠢᠨ ᠭᠡᠷᠡᠴᠢ᠂ ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡ ︵ᠬᠠᠭᠤᠯᠪᠤᠷᠢ︶᠎ ᠪᠠᠨ ᠠᠪᠴᠤ ᠲᠥᠪ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠳᠤ ᠬᠦᠷᠴᠦ ᠣᠯᠭᠤᠮᠵᠢ ᠭᠤᠶᠤᠴᠢᠯᠠᠨ᠎ᠠ᠃      4. ᠵᠠᠷᠤᠳᠠᠯ ᠢ ᠳ᠋ᠦᠩᠨᠡᠨ ᠪᠤᠳᠤᠬᠤ᠄ ① ᠠᠶᠢᠮᠠᠭ ᠤᠨ ᠳᠣᠲᠣᠭᠠᠳᠤ ᠳᠤ ᠡᠮᠨᠡᠭᠦᠯᠦᠭᠰᠡᠨ ᠵᠠᠷᠤᠳᠠᠯ ᠢ ᠳᠠᠷᠤᠢ ᠳᠤᠨᠢ ᠳ᠋ᠦᠩᠨᠡᠨ ᠪᠤᠳᠤᠨ᠎ᠠ᠂ ᠡᠪᠡᠳᠴᠢᠲᠡᠨ ᠠᠶᠢᠮᠠᠭ ᠤᠨ ᠳᠣᠲᠣᠭᠠᠳᠤ ᠶᠢᠨ ᠡᠯ᠎ᠡ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠠᠴᠠ ᠡᠮ ᠬᠤᠳᠠᠯᠳᠤᠨ ᠠᠪᠤᠨ᠎ᠠ᠂ ᠳ᠋ᠦᠩᠨᠡᠨ ᠪᠤᠳᠤᠬᠤ ᠦᠶ᠎ᠡ ᠳᠤ ᠵᠥᠪᠬᠡᠨ ᠥᠪᠡᠷ ᠤᠨ ᠵᠠᠷᠤᠳᠠᠯ ᠤᠨ ᠬᠡᠰᠡᠭ ᠢ ᠯᠡ ᠲᠤᠰᠢᠶᠠᠨ᠎ᠠ᠃ ② ᠬᠡᠷᠪᠡ ᠣᠨᠳᠣᠣ ᠭᠠᠵᠠᠷ ᠤᠨ ᠡᠮᠨᠡᠯᠭᠡ ᠶᠢᠨ ᠬᠤᠷᠢᠶ᠎ᠠ ᠠᠴᠠ ᠡᠮ ᠬᠤᠳᠠᠯᠳᠤᠨ ᠠᠪᠬᠤ ᠳᠤ ᠬᠦᠷᠪᠡᠯ᠂ ᠪᠠᠷᠢᠮᠲᠠ᠂ ᠡᠮ ᠡᠮᠨᠡᠯᠭᠡ ᠶᠢᠨ ᠵᠠᠷᠤᠳᠠᠯ ᠤᠨ ᠨᠠᠷᠢᠨ ᠳᠠᠩᠰᠠ ᠪᠠᠨ ᠠᠪᠴᠤ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠡᠮ ᠡᠮᠨᠡᠯᠭᠡ ᠶᠢᠨ ᠳᠠᠭᠠᠳᠬᠠᠯ ᠤᠨ ᠴᠣᠩᠬᠤᠨ ᠳᠤ ᠬᠦᠷᠴᠦ ᠳᠠᠩᠰᠠ ᠲᠠᠶᠢᠯᠤᠭᠤᠯᠬᠤ ᠭᠤᠶᠤᠴᠢᠯᠠᠯ ③ ᠬᠡᠷᠪᠡ ᠣᠨᠳᠣᠣ ᠭᠠᠵᠠᠷ ᠤᠨ ᠬᠤᠣᠰ ᠵᠠᠮᠲᠤ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠳᠤ ᠭᠦᠷᠪᠡᠯ᠂ ᠪᠠᠷᠢᠮᠲᠠ᠂ ᠡᠮᠴᠢᠯᠡᠭᠡᠨ ᠤ ᠵᠠᠷᠤᠳᠠᠯ ᠤᠨ ᠨᠠᠷᠢᠨ ᠵᠢᠭᠰᠠᠭᠠᠯᠲᠠ᠂ ᠬᠤᠣᠰ ᠵᠠᠮᠲᠤ ᠡᠮ ᠤᠨ ᠳᠡᠯᠭᠡᠭᠦᠷ ᠤᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠠᠪᠴᠤ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠡᠮᠨᠡᠯᠭᠡ ᠶᠢᠨ ᠳᠠᠭᠠᠳᠬᠠᠯ ᠤᠨ ᠴᠣᠩᠬᠤᠨ ᠳᠤ ᠬᠦᠷᠴᠦ ᠲᠠᠩᠰᠠ ᠲᠠᠶᠢᠯᠤᠭᠤᠯᠬᠤ ᠪᠠᠷ ᠭᠤᠶᠤᠴᠢᠯᠠᠬᠤ ᠬᠡᠷᠡᠭᠲᠡᠢ᠃
 
ᠢᠷᠡᠯᠲᠡ᠄ ᠪᠠᠶᠠᠨᠬᠤᠲᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号