ᠭᠠᠯ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2024/3/18
                        ︽ᠨᠢᠭᠡ ᠰᠢᠷᠬᠡᠭ ᠲᠠᠮᠠᠬᠢ︾᠎ ᠠᠴᠠ ᠭᠠᠯ ᠤᠨ ᠠᠶᠤᠯ ᠡᠭᠦᠰᠬᠦ ᠶᠢ ᠠᠩᠬᠠᠷᠴᠤ᠂ ᠲᠠᠮᠠᠬᠢᠨ ᠶᠣᠵᠣᠭᠤᠷ ᠢᠶᠠᠨ ᠳᠤᠷ᠎ᠠ ᠪᠠᠷ ᠢᠶᠠᠨ ᠬᠠᠶᠠᠬᠤ ᠦᠭᠡᠢ᠂ ᠭᠤᠣᠯᠳᠠᠯᠭ᠎ᠠ ᠲᠠᠢ ᠭᠠᠯ ᠢ ᠰᠡᠷᠭᠡᠶᠢᠯᠡᠬᠦ ᠭᠠᠵᠠᠷ ᠲᠤ ᠲᠠᠮᠠᠬᠢ ᠲᠠᠲᠠᠬᠤ ᠦᠭᠡᠢ ᠪᠠᠶᠢᠬᠤ ᠭᠡᠷᠡᠭᠳᠡᠢ᠂ ᠭᠤᠤᠯᠳᠠᠯᠭ᠎ᠠ ᠲᠠᠢ ᠲᠠᠯᠠᠪᠤᠷ ᠣᠷᠳᠣᠨ᠂ ᠪᠠᠶᠢᠭᠤᠯᠭ᠎ᠠ ᠨᠢᠭᠡᠴᠢ ᠲᠠᠮᠠᠬᠢ ᠴᠠᠭᠠᠵᠠᠯᠠᠬᠤ ᠤᠬᠠᠭᠤᠯᠭ᠎ᠠ ᠪᠠᠨ ᠰᠠᠶᠢᠲᠤᠷ ᠬᠢᠬᠦ ᠬᠡᠷᠡᠭᠲᠡᠢ᠃                  ᠴᠠᠭᠢᠯᠭᠠᠠ ᠲᠥᠬᠦᠭᠡᠷᠦᠮᠵᠢ ᠠᠴᠠ ᠭᠠᠯ ᠭᠠᠷᠬᠤ ᠶᠢ ᠰᠡᠷᠭᠡᠶᠢᠯᠡᠵᠦ᠂ ᠤᠷᠢᠳᠴᠢᠯᠠᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠵᠠᠰᠠᠯᠲᠠ ᠬᠠᠮᠠᠭᠠᠯᠠᠯᠲᠠ ᠶᠢ ᠣᠮᠲᠣᠭᠠᠶᠢᠯᠠᠵᠤ ᠪᠤᠯᠬᠤ ᠦᠭᠡᠢ᠃                  ᠨᠤᠲᠤᠭ ᠪᠡᠯᠴᠢᠭᠡᠷ᠂ ᠤᠢ ᠰᠢᠭᠤᠢ ᠶᠢᠨ ᠭᠠᠯ ᠢ ᠰᠡᠷᠭᠡᠶᠢᠯᠡᠬᠦ ᠤᠬᠠᠮᠰᠠᠷ ᠢᠶᠠᠨ ᠢᠮᠠᠭᠲᠠ ᠰᠤᠯᠠᠷᠠᠭᠤᠯᠵᠤ ᠪᠤᠯᠬᠤ ᠦᠭᠡᠢ᠃                  ᠭᠠᠯ ᠭᠠᠷᠤᠭᠰᠠᠨ ᠢ ᠣᠯᠵᠤ ᠬᠠᠷᠠᠮᠠᠭᠴᠠ ᠳᠠᠷᠤᠢ ᠲᠦᠷᠭᠡᠨ ᠬᠡᠷᠡᠭ ᠮᠡᠳᠡᠭᠦᠯᠬᠦ ᠨᠢ ᠡᠷᠬᠡᠲᠦ ᠠᠷᠠᠳ ᠪᠦᠷᠢ ᠎ ᠶᠢᠨ ᠬᠠᠷᠢᠭᠤᠴᠠᠯᠭ᠎ᠠ ᠪᠤᠯᠬᠤ ᠶᠤᠮ᠃                  ᠭᠠᠯ ᠤᠨ ᠬᠡᠷᠡᠭ ᠮᠡᠳᠡᠭᠦᠯᠬᠦ ᠤᠲᠠᠰᠤ ᠶᠢ ᠶᠠᠭᠠᠬᠢᠵᠤ ᠤᠲᠠᠰᠤᠳᠠᠬᠤ ᠪᠤᠢ︖ 119᠎ ᠳᠤ ᠤᠲᠠᠰᠤᠳᠠᠵᠤ᠂ ᠭᠠᠯ ᠭᠠᠷᠤᠭᠰᠠᠨ ᠭᠠᠵᠠᠷ ᠢᠶᠠᠨ ᠨᠠᠷᠢᠯᠢᠭ ᠲᠣᠳᠣᠷᠬᠠᠢ ᠲᠤᠰᠢᠶᠠᠬᠤ ᠶᠢᠨ ᠬᠠᠮᠲᠤ᠂ ᠶᠠᠭᠤ ᠰᠢᠲᠠᠭᠰᠠᠨ᠂ ᠶᠠᠮᠠᠷ ᠵᠡᠷᠭᠡ ᠰᠢᠳᠠᠵᠤ ᠪᠠᠶᠢᠬᠤ ᠵᠡᠷᠭᠡ ᠪᠠᠨ ᠪᠠᠰᠠ ᠪᠤᠯᠬᠤ ᠶᠢᠨ ᠳᠣᠲᠣᠷ᠎ᠠ ᠲᠣᠳᠣᠷᠬᠠᠢ ᠶᠠᠷᠢᠵᠤ ᠦᠭᠭᠦᠨ᠎ᠠ᠂ ᠦᠪᠠᠷ ᠤᠨ ᠨᠡᠷ᠎ᠡ᠂ ᠪᠠᠶᠢᠭᠤᠯᠭ᠎ᠠ ᠨᠢᠭᠡᠴᠢ ᠶᠢᠨ ᠨᠡᠷ᠎ᠡ ᠪᠠ ᠬᠠᠷᠢᠯᠴᠠᠬᠤ ᠤᠲᠠᠰᠤ ᠪᠠᠨ ᠦᠨᠡᠨ ᠮᠥᠨ ᠢᠶᠠᠷ ᠬᠡᠯᠡᠵᠦ ᠥᠭᠬᠦ ᠶᠢᠨ ᠬᠠᠮᠲᠤ᠂ ᠬᠡᠷᠡᠭ ᠢᠶᠠᠨ ᠮᠡᠳᠡᠭᠦᠯᠦᠭᠰᠡᠨ ᠤ ᠳᠠᠷᠠᠭ᠎ᠠ ᠤᠶᠢᠷᠠᠯᠴᠠᠭ᠎ᠠ ᠭᠠᠵᠠᠷ ᠲᠤ ᠣᠴᠢᠵᠤ ᠭᠠᠯ ᠤᠨᠲᠠᠷᠠᠭᠠᠬᠤ ᠲᠡᠷᠭᠡ ᠳᠤ ᠵᠠᠮ ᠳᠠᠭᠠᠭᠤᠯᠵᠤ ᠥᠭᠬᠦ ᠵᠡᠷᠭᠡ ᠠᠷᠭ᠎ᠠ ᠪᠠᠷ ᠭᠠᠯ ᠢ ᠠᠯᠢ ᠲᠦᠷᠭᠡᠨ ᠤᠨᠲᠠᠷᠠᠭᠠᠬᠤ ᠠᠷᠭ᠎ᠠ ᠠᠪᠴᠠᠯ ᠠᠪᠬᠤ ᠬᠡᠷᠡᠭᠲᠡᠢ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号