ᠰᠢᠨᠡᠲᠣᠬᠤᠢ ᠭᠠᠴᠠᠭ᠎ᠠ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
     ᠣᠶᠢᠷ᠎ᠠ ᠳᠤ᠂ ᠪᠠᠶᠠᠨᠬᠤᠲᠠ ᠪᠠᠯᠭᠠᠰᠤ ᠶᠢᠨ ᠰᠢᠨᠡᠲᠣᠬᠤᠢ ᠭᠠᠴᠠᠭ᠎ᠠ ᠶᠢᠨ ᠬᠡᠰᠡᠭ ᠶᠠᠳᠠᠭᠤᠷᠠᠯ ᠠᠴᠠ ᠠᠩᠭᠢᠵᠢᠷᠠᠭᠰᠠᠨ ᠡᠷᠦᠬᠡ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠭᠠᠴᠠᠭ᠎ᠠ ᠶᠢᠨ ᠨᠠᠮ ᠤᠨ ᠡᠭᠦᠷ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠦᠷᠭᠡᠵᠦ ᠢᠷᠡᠭᠰᠡᠨ ᠥᠲᠥᠨ ᠬᠤᠪᠴᠠᠰᠤ ᠶᠢ ᠲᠤᠰᠪᠠ᠃
     ᠭᠡᠷ ᠲᠡᠭᠡᠨ ᠬᠤᠴᠣᠷᠤᠭᠰᠠᠨ ᠨᠠᠰᠤᠲᠠᠨ ᠽᠧᠩ ᠰᠢᠶᠠᠩ ᡁᠢ᠄ ︽ᠣᠶᠢᠷ᠎ᠠ ᠳᠤ ᠣᠷᠴᠢᠨ ᠮᠠᠰᠢ ᠬᠦᠢᠲᠡᠨ᠂ ᠥᠩᠭᠡᠷᠡᠭᠰᠡᠨ ᠵᠢᠯ ᠤᠳ ᠠᠴᠠ ᠪᠦᠷ ᠬᠦᠢᠲᠡᠨ᠂ ᠤᠳᠤ ᠰᠢᠨ᠎ᠡ ᠦᠳᠦᠨ ᠬᠤᠪᠴᠠᠰᠤ ᠲᠠᠢ ᠪᠣᠯᠵᠤ᠂ ᠪᠡᠶ᠎ᠡ ᠳᠤᠯᠠᠭᠠᠴᠠᠵᠤ᠂ ᠰᠡᠳᠬᠢᠯ ᠳᠤᠯᠠᠭᠠᠬᠠᠨ ᠪᠣᠯᠵᠠᠢ︕︾ ᠭᠡᠵᠦ ᠰᠡᠳᠬᠢᠯ ᠳᠣᠭᠳᠣᠯᠤᠨ ᠬᠡᠯᠡᠪᠡ᠃      ᠰᠢᠨ᠎ᠡ ᠥᠲᠥᠨ ᠬᠤᠪᠴᠠᠰᠤ ᠶᠢ ᠣᠯᠣᠭᠰᠠᠨ ᠤ ᠳᠠᠷᠠᠭ᠎ᠠ ᠯᠢᠦ ᠸᠧᠨ ᠶᠤᠸᠠᠨ ᠨᠠᠰᠤᠲᠠᠨ᠄ ︽ᠮᠠᠰᠢ ᠰᠠᠶᠢᠨ ᠪᠣᠯᠣᠯ᠎ᠠ᠂ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠵᠠᠰᠠᠭ ᠤᠨ ᠣᠷᠳᠣᠨ ᠳᠤ ᠲᠠᠯᠠᠷᠬᠠᠵᠤ ᠪᠠᠶᠢᠨ᠎ᠠ᠂ ᠡᠪ ᠬᠠᠮᠲᠤ ᠨᠠᠮ ᠳᠤ ᠲᠠᠯᠠᠷᠬᠠᠵᠤ ᠪᠠᠶᠢᠨ᠎ᠠ︾ ᠭᠡᠵᠦ ᠬᠡᠯᠡᠪᠡ᠃      ᠰᠢᠨᠡᠲᠣᠬᠤᠢ ᠶᠢᠨ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠦᠨᠳᠦᠰᠦᠨ ᠱᠠᠲᠤᠨ ᠳᠤ ᠦᠨᠳᠦᠰᠦᠯᠡᠵᠦ ᠠᠷᠠᠳ ᠤᠯᠠᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠲᠣᠭᠲᠠᠮᠠᠯ ᠬᠤᠭᠤᠴᠠᠭ᠎ᠠ ᠲᠠᠢ ᠪᠠᠷ ᠶᠠᠳᠠᠭᠤᠷᠠᠯ ᠠᠴᠠ ᠠᠩᠭᠢᠵᠢᠷᠠᠭᠰᠠᠨ ᠡᠷᠦᠬᠡ᠂ ᠶᠡᠭᠡ ᠲᠣᠭᠠᠨ ᠤ ᠡᠮ ᠡᠮᠨᠡᠯᠭᠡ ᠶᠢᠨ ᠵᠠᠷᠤᠯᠭ᠎ᠠ ᠶᠢᠨ ᠡᠷᠦᠬᠡ᠂ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠢ ᠪᠠᠶᠢᠴᠠᠭᠠᠨ ᠵᠢᠭᠰᠠᠭᠠᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ᠂ ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠴᠠᠭ ᠢᠮᠠᠭᠲᠠ ᠠᠩᠬᠠᠷᠴᠤ ᠪᠠᠶᠢᠪᠠ᠃ ᠡᠨᠡ ᠤᠳᠠᠭ᠎ᠠ᠂ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠭᠠᠴᠠᠭᠠᠨ ᠤ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠠᠷᠪᠠ ᠭᠠᠷᠤᠢ ᠥᠲᠥᠨ ᠬᠤᠪᠴᠠᠰᠤ ᠬᠦᠷᠭᠡᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
 
ᠢᠷᠡᠯᠲᠡ᠄ ᠪᠠᠶᠠᠨᠬᠤᠲᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号