ᠲᠣᠭᠤᠷᠢᠨ ᠲᠣᠬᠤᠨᠢᠭᠤᠯᠬᠤ ᠠᠵᠢᠯᠯᠠᠭ᠎ᠠ
ᠨᠡᠶᠢᠲᠡᠯᠡᠭᠰᠡᠨ ᠴᠠᠭ᠄
2024/3/18
      ᠨᠠᠨᠲ᠋ᠢᠶᠠᠨ ᠭᠠᠴᠠᠭᠠᠨ ᠤ ᠨᠠᠮ ᠤᠨ ᠡᠭᠦᠷ ᠤᠨ ᠬᠢᠨ ᠳᠠᠭᠠᠭᠠᠨ ᠬᠠᠪᠰᠤᠷᠬᠤ ᠨᠢᠭᠡᠴᠢ ᠶᠢᠨ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠲᠤᠷᠠᠨ ᠲᠣᠭᠤᠷᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠠᠨᠲ᠋ᠢᠶᠠᠨ ᠭᠠᠴᠠᠭᠠᠨ ᠤ ᠬᠦᠴᠢᠷᠳᠡᠯᠲᠡᠢ ᠤᠯᠠᠨ ᠲᠦᠮᠡᠨ ᠳᠤ ᠠᠮᠢᠳᠤᠷᠠᠯ ᠤᠨ ᠡᠳ᠋ ᠪᠣᠳᠠᠰ ᠪᠣᠯᠣᠨ ᠵᠥᠩᠨᠡᠯ ᠳᠡᠪᠰᠢᠭᠦᠯᠵᠡᠢ᠃ ᠲᠤᠰ ᠤᠳᠠᠭ᠎ᠠ ᠶᠢᠨ ᠲᠣᠭᠤᠷᠢᠨ ᠦᠵᠡᠵᠦ ᠲᠣᠬᠤᠨᠢᠭᠤᠯᠬᠤ ᠠᠵᠢᠯᠯᠠᠭ᠎ᠠ ᠪᠣᠯ ᠨᠠᠨᠲ᠋ᠢᠶᠠᠨ ᠭᠠᠴᠠᠭᠠᠨ ᠤ ᠨᠠᠮ ᠤᠨ ᠡᠭᠦᠷ ᠪᠣᠯᠣᠨ ᠳᠠᠭᠠᠭᠠᠴᠢᠯᠠᠨ ᠬᠤᠯᠪᠣᠭᠠᠯᠠᠭᠰᠠᠨ ᠪᠠᠶᠢᠭᠤᠯᠭ᠎ᠠ ᠶᠢᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠭᠰᠡᠨ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠂ ᠮᠥᠨᠴᠦ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠵᠤ ᠬᠠᠪᠰᠤᠷᠤᠨ ᠲᠡᠳᠬᠦᠬᠦ ᠲᠣᠭᠲᠠᠴᠠ ᠶᠢᠨ ᠳᠠᠪᠠᠭᠤᠯᠢᠭ ᠴᠢᠨᠠᠷ ᠤᠨ ᠢᠯᠡᠷᠡᠯ ᠪᠣᠯᠣᠨ᠎ᠠ᠂ ᠡᠨᠡ ᠨᠢ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠨᠡᠩ ᠴᠤ ᠨᠠᠮ ᠠᠴᠠ ᠦᠨᠳᠦᠰᠦᠨ ᠱᠠᠲᠤᠨ ᠤ ᠤᠯᠠᠨ ᠲᠦᠮᠡᠨ ᠢ ᠬᠠᠯᠠᠮᠵᠢᠯᠠᠭᠰᠠᠨ ᠬᠠᠶᠢᠷ᠎ᠠ ᠬᠠᠯᠠᠮᠵᠢ ᠶᠢ ᠬᠦᠷᠭᠡᠪᠡ᠃ ᠳᠠᠷᠠᠭᠠᠴᠢ ᠶᠢᠨ ᠠᠯᠬᠤᠮ ᠳᠤ᠂ ᠨᠠᠨᠲ᠋ᠢᠶᠠᠨ ᠭᠠᠴᠠᠭᠠᠨ ᠤ ᠨᠠᠮ ᠤᠨ ᠡᠭᠦᠷ ᠤᠨ ᠬᠢᠨ ᠤᠯᠠᠨ ᠲᠦᠮᠡᠨ ᠤ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠳᠤ ᠰᠠᠭᠤᠷᠢᠯᠠᠵᠤ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ ᠯᠦᠭᠡ ᠶᠢᠨ ᠬᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠵᠤ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ ᠶᠢᠨ ᠬᠠᠪᠰᠤᠷᠤᠨ ᠲᠡᠳᠬᠦᠬᠦ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠣᠨ᠎ᠠ᠃
 
ᠢᠷᠡᠯᠲᠡ᠄ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号