ᠣᠯᠠᠨᠪᠤᠯᠠᠭ ᠪᠠᠯᠭᠠᠰᠤ 2024 ᠣᠨ ᠤ ᠴᠡᠷᠢᠭ ᠲᠤ ᠡᠯᠰᠡᠭᠳᠡᠭᠰᠡᠨ ᠠᠷᠠᠳ ᠢᠷᠭᠡᠳ ᠤᠨ ᠡᠪᠡᠳᠴᠢᠨ ᠤ ᠲᠡᠦᠬᠡ ᠶᠢᠨ ᠪᠠᠶᠢᠴᠠᠭᠠᠯᠲᠠ ᠶᠢᠨ ᠬᠤᠷᠠᠯ
ᠨᠡᠶᠢᠲᠡᠯᠡᠭᠰᠡᠨ ᠴᠠᠭ᠄
2024/3/18
    ᠣᠶᠢᠷ᠎ᠠ ᠶᠢᠨ ᠡᠳᠦᠷ᠂ ᠣᠯᠠᠨᠪᠤᠯᠠᠭ ᠪᠠᠯᠭᠠᠰᠤ 2024 ᠣᠨ ᠤ ᠴᠡᠷᠢᠭ ᠲᠤ ᠡᠯᠰᠡᠭᠳᠡᠭᠰᠡᠨ ᠠᠷᠠᠳ ᠢᠷᠭᠡᠳ ᠤᠨ ᠡᠪᠡᠳᠴᠢᠨ ᠤ ᠲᠡᠦᠬᠡ ᠶᠢᠨ ᠪᠠᠶᠢᠴᠠᠭᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠤᠯᠤᠰ ᠲᠥᠷᠥ ᠦᠵᠡᠯ ᠰᠠᠨᠠᠭ᠎ᠠ ᠵᠢᠴᠢ ᠴᠡᠷᠢᠭ ᠲᠤ ᠣᠷᠣᠬᠤ ᠰᠠᠨᠠᠭ᠎ᠠ ᠵᠣᠷᠢᠯᠲᠠ ᠵᠡᠷᠭᠡ ᠬᠠᠮᠢᠶ᠎ᠠ ᠪᠦᠬᠦᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠬᠤᠷᠠᠯ ᠳᠡᠭᠡᠷ᠎ᠡ᠂ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠥᠷᠭᠡᠨ ᠣᠯᠠᠨ ᠴᠡᠷᠢᠭ ᠲᠤ ᠡᠯᠰᠡᠭᠳᠡᠭᠰᠡᠨ ᠵᠠᠯᠠᠭᠤᠴᠤᠳ ᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠶᠢᠴᠠᠭᠠᠯᠲᠠ ᠶᠢᠨ ᠱᠠᠭᠠᠷᠳᠠᠯᠭ᠎ᠠ ᠵᠢᠴᠢ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ ᠡᠭᠦᠨ ᠤ ᠬᠠᠮᠲᠤ ᠲᠣᠰ ᠤᠳᠠᠭᠠᠨ ᠤ ᠪᠠᠶᠢᠴᠠᠭᠠᠯᠲᠠ ᠶᠢᠨ ᠵᠣᠬᠢᠬᠤ ᠨᠠᠰᠤᠨ ᠤ ᠵᠠᠯᠠᠭᠤᠴᠤᠳ ᠤᠨ ᠡᠷᠦᠬᠡ ᠠᠮᠠ ᠶᠢᠨ ᠲᠠᠩᠰᠠ᠂ ᠨᠠᠰᠤ ᠵᠢᠯ᠂ ᠰᠤᠷᠤᠯᠴᠠᠯᠭ᠎ᠠ ᠶᠢᠨ ᠨᠠᠮᠲᠠᠷ ᠵᠡᠷᠭᠡ ᠮᠡᠳᠡᠭᠡ ᠵᠠᠩᠭᠢ ᠶᠢ ᠴᠢᠩᠭ᠎ᠠ ᠬᠢᠨᠠᠨ ᠪᠠᠶᠢᠴᠠᠭᠠᠵᠤ᠂ ᠴᠡᠷᠢᠭ ᠲᠤ ᠡᠯᠰᠡᠭᠳᠡᠬᠦ ᠵᠠᠯᠠᠭᠤᠴᠤᠳ ᠤᠨ ᠴᠡᠷᠢᠭ ᠲᠤ ᠣᠷᠣᠬᠤ ᠬᠦᠰᠡᠯ ᠡᠷᠡᠮᠡᠯᠵᠡᠯ ᠪᠠ ᠦᠵᠡᠯ ᠰᠠᠨᠠᠭᠠᠨ ᠤ ᠪᠠᠶᠢᠳᠠᠯ ᠢ ᠣᠶᠢᠯᠠᠭᠠᠨ ᠡᠵᠡᠮᠰᠢᠵᠦ᠂ ᠳᠠᠩᠰᠠᠯᠠᠯᠲᠠ ᠶᠢᠨ ᠮᠡᠳᠡᠭᠡ ᠵᠠᠩᠭᠢ ᠶᠢᠨ ᠣᠨᠣᠪᠴᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠦᠨᠡᠨ ᠬᠦ ᠪᠠᠲᠤᠯᠠᠵᠤ᠂ ᠴᠡᠷᠢᠭ ᠲᠤ ᠡᠯᠰᠡᠭᠳᠡᠬᠦ ᠵᠠᠯᠠᠭᠤᠴᠤᠳ ︽ᠴᠡᠷᠢᠭ ᠲᠤ ᠡᠯᠰᠡᠭᠳᠡᠬᠦ ᠠᠷᠠᠳ ᠢᠷᠭᠡᠨ ᠤ ᠡᠪᠡᠳᠴᠢᠨ ᠤ ᠲᠡᠦᠬᠡ ᠶᠢᠨ ᠪᠠᠶᠢᠴᠠᠭᠠᠯᠲᠠ ᠶᠢᠨ ᠬᠦᠰᠦᠨᠦᠭᠲᠦ︾᠂ ︽ᠠᠷᠢᠭᠤᠨ ᠴᠢᠬᠡᠴᠢ ᠪᠠᠷ ᠴᠡᠷᠢᠭ ᠲᠤ ᠡᠯᠰᠡᠭᠳᠡᠬᠦ ᠠᠮᠠᠯᠠᠯᠲᠠ ᠶᠢᠨ ᠪᠢᠴᠢᠭ︾᠎ ᠢ ᠦᠨᠡᠨ ᠮᠥᠨ ᠢᠶᠠᠷ ᠨᠢ ᠲᠠᠭᠯᠠᠵᠤ᠂ ᠵᠣᠬᠢᠬᠤ ᠨᠠᠰᠤᠨ ᠤ ᠵᠠᠯᠠᠭᠤᠴᠤᠳ ᠤᠨ ᠠᠩᠬᠠᠨ ᠤ ᠪᠠᠶᠢᠴᠠᠭᠠᠯᠲᠠ ᠠᠩᠬᠠᠨ ᠤ ᠬᠢᠨᠠᠯᠲᠠ ᠶᠢᠨ ᠲᠠᠩᠰᠠ ᠡᠪᠬᠡᠮᠡᠯ ᠢ ᠪᠠᠶᠢᠭᠤᠯᠤᠭᠰᠠᠨ ᠪᠠᠶᠢᠨ᠎ᠠ᠃ ᠳᠠᠷᠠᠭ᠎ᠠ ᠨᠢ᠂ ᠮᠠᠨ ᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠨᠠᠷᠢᠨ ᠬᠢᠨᠠᠮᠠᠭᠠᠢ ᠪᠠᠷ ᠡᠯ᠎ᠡ ᠵᠦᠢᠯ ᠤᠨ ᠪᠠᠶᠢᠴᠠᠭᠠᠯᠲᠠ ᠶᠢ ᠨᠠᠷᠢᠨ ᠨᠢᠮᠪᠠᠢ ᠬᠢᠵᠦ᠂ ᠥᠨᠳᠥᠷ ᠬᠡᠪ ᠪᠣᠯᠪᠠᠰᠤᠷᠠᠯ ᠲᠠᠢ ᠬᠢᠷᠢ ᠲᠡᠩᠴᠡᠭᠰᠡᠨ ᠴᠡᠷᠢᠭ ᠤᠨ ᠢᠷᠡᠯᠲᠡ ᠶᠢ ᠰᠣᠩᠭᠤᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号