ᠣᠯᠠᠨᠪᠤᠯᠠᠭ ᠪᠠᠯᠭᠠᠰᠤ 2024 ᠣᠨ ᠤ ᠭᠤᠣᠯ ︵ᠨᠠᠭᠤᠷ︶᠎ ᠤᠨ ᠳᠠᠷᠤᠭ᠎ᠠ ᠶᠢᠨ ᠳᠦᠷᠢᠮ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
     ᠣᠶᠢᠷ᠎ᠠ ᠶᠢᠨ ᠡᠳᠦᠷ᠂ ᠣᠯᠠᠨᠪᠤᠯᠠᠭ ᠪᠠᠯᠭᠠᠰᠤ 2024 ᠣᠨ ᠤ ᠭᠤᠣᠯ ︵ᠨᠠᠭᠤᠷ︶᠎ ᠤᠨ ᠳᠠᠷᠤᠭ᠎ᠠ ᠶᠢᠨ ᠳᠦᠷᠢᠮ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃
     ᠬᠤᠷᠠᠯ ᠠᠴᠠ ︽2024 ᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠰᠠᠶᠢᠲᠤᠷ ᠭᠦᠢᠴᠡᠳᠬᠡᠬᠦ ᠲᠤᠬᠠᠢ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠮᠠᠨ ᠤ ᠪᠠᠯᠭᠠᠰᠤᠨ ᠤ 2024 ᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠭᠤᠣᠯᠳᠠᠯᠭ᠎ᠠ ᠲᠠᠢ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠵᠡᠢ᠃      ᠬᠤᠷᠠᠯ ᠠᠴᠠ᠄ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠴᠢᠮᠲᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ︵ᠨᠠᠭᠤᠷ︶᠎ ᠤᠨ ᠳᠠᠷᠤᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠭᠤᠣᠯ ᠴᠠᠭᠳᠠᠬᠤ ᠡᠭᠦᠷᠭᠡ ᠶᠢ ᠴᠢᠩᠭ᠎ᠠ ᠵᠢᠷᠤᠮᠯᠠᠨ᠂ ᠭᠤᠣᠯ ︵ᠨᠠᠭᠤᠷ︶᠎ ᠤᠨ ᠳᠠᠷᠤᠭ᠎ᠠ ᠶᠢᠨ ᠳᠦᠷᠢᠮ ᠤᠨ ᠠᠵᠢᠯ ᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ︽ᠵᠠᠮᠪᠠᠷᠠᠭ᠎ᠠ ᠦᠭᠡᠢ ᠳᠥᠷᠪᠡᠨ ᠶᠠᠪᠤᠳᠠᠯ︾ ᠲᠤᠰᠬᠠᠢ ᠠᠵᠢᠯᠯᠠᠭ᠎ᠠ ᠶᠢ ᠡᠷᠭᠢᠯᠡᠨ ᠠᠵᠢᠭᠯᠠᠵᠤ ᠪᠠᠶᠢᠩᠭᠤᠵᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠠᠯᠭᠠᠰᠤᠨ ᠤ ᠲᠠᠰ ᠤᠨ ᠭᠤᠣᠯ ︵ᠨᠠᠭᠤᠷ︶ ᠎ ᠤᠨ ᠳᠠᠷᠤᠭ᠎ᠠ ᠨᠠᠷ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠤᠣᠯ ᠤᠨ ᠰᠠᠶᠢᠷ ᠤᠨ ᠬᠤᠭ ᠨᠣᠪᠰᠢ ᠶᠢ ᠴᠡᠪᠡᠷᠯᠡᠬᠦ᠂ ᠬᠠᠤᠯᠢ ᠪᠤᠰᠤ ᠪᠠᠷ ᠡᠯᠡᠰᠦ ᠮᠠᠯᠲᠠᠬᠤ ᠶᠢ ᠴᠡᠭᠴᠡᠯᠡᠨ ᠵᠠᠰᠠᠬᠤ ᠵᠡᠷᠭᠡ ᠠᠵᠢᠯ ᠢᠶᠠᠷ ᠭᠤᠣᠯᠳᠠᠯᠭ᠎ᠠ ᠪᠣᠯᠭᠠᠵᠤ᠂ ᠭᠤᠣᠯ ︵ᠨᠠᠭᠤᠷ ︶᠎ ᠤᠨ ᠳᠠᠷᠤᠭ᠎ᠠ ᠶᠢᠨ ᠳᠦᠷᠢᠮ ᠤᠨ ᠠᠵᠢᠯ ᠢ ᠰᠢᠮᠳᠠᠭᠤᠯᠤᠨ ᠪᠠᠶᠢᠴᠠᠭᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ ᠴᠠᠭ ᠲᠤᠬᠠᠢ ᠳᠤᠨᠢ ᠴᠢᠨᠠᠷ ᠴᠢᠨᠰᠠᠭ᠎ᠠ ᠪᠠᠷ ᠪᠡᠶᠡᠯᠡᠭᠦᠯᠬᠦ ᠬᠡᠷᠡᠭᠲᠡᠢ᠃ ᠭᠤᠷᠪᠠ ᠳᠤ ᠥᠷᠭᠡᠨ ᠢᠶᠠᠷ ᠤᠬᠠᠭᠤᠯᠤᠨ ᠲᠠᠶᠢᠴᠢᠯᠠᠵᠦ᠂ ᠰᠠᠶᠢᠨ ᠰᠠᠶᠢᠬᠠᠨ ᠣᠷᠴᠢᠨ ᠢ ᠪᠤᠢ ᠪᠣᠯᠭᠠᠬᠤ ᠬᠡᠷᠡᠭᠲᠡᠢ᠃ ᠪᠠᠯᠭᠠᠰᠤᠨ ᠤ ᠬᠠᠷᠢᠶ᠎ᠠ ᠭᠤᠣᠯ ︵ᠨᠠᠭᠤᠷ︶᠎ ᠤᠨ ᠳᠠᠷᠤᠭ᠎ᠠ ᠨᠢ ᠤᠬᠠᠭᠤᠯᠭ᠎ᠠ ᠬᠥᠮᠦᠵᠢᠯ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠠᠵᠢᠯ ᠢ ᠦᠨᠡᠨᠬᠦ ᠰᠠᠶᠢᠲᠤᠷ ᠬᠢᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠮᠠᠯᠴᠢᠨ ᠲᠠᠷᠢᠶᠠᠴᠢᠨ ᠤ ᠣᠷᠣᠯᠴᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠣᠯᠠᠨ ᠲᠦᠮᠡᠨ ᠤ ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠤᠯᠠᠮ ᠳᠠᠶᠢᠴᠢᠯᠠᠵᠤ᠂ ︽ᠤᠷᠤᠰᠬᠠᠯ ᠨᠢ ᠳᠥᠯᠭᠡᠨ᠂ ᠤᠰᠤ ᠨᠢ ᠲᠤᠩᠭᠠᠯᠠᠭ᠂ ᠡᠷᠭᠢ ᠨᠢ ᠨᠣᠮᠢᠨ᠂ ᠦᠵᠡᠮᠵᠢ ᠨᠢ ᠲᠠᠩᠰᠤᠭ︾ ᠠᠮᠢ ᠠᠬᠤᠢ ᠶᠢᠨ ᠣᠷᠴᠢᠨ ᠲᠣᠭᠤᠷᠢᠨ ᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号