ᠣᠯᠠᠨᠪᠤᠯᠠᠭ ᠪᠠᠯᠭᠠᠰᠤ 2024 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
       ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠴᠢᠮᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠡᠷᠴᠢᠮᠲᠡᠢ ᠲᠦᠯᠬᠢᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠡ᠊ᠨᠳᠡᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠬᠤ ᠵᠣᠷᠢᠯᠭ᠎ᠠ ᠪᠠᠷ᠂ ᠣᠶᠢᠷ᠎ᠠ ᠶᠢᠨ ᠡᠳᠦᠷ᠂ ᠣᠯᠠᠨᠪᠤᠯᠠᠭ ᠪᠠᠯᠭᠠᠰᠤ 2024 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠎ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠭ᠎ᠠ᠂ ᠬᠤᠶᠠᠳᠤᠭᠠᠷ ᠳᠡᠰ ᠤᠨ ᠨᠢᠭᠡᠴᠢ ᠶᠢᠨ ᠪᠥᠬᠦ ᠺᠠᠳ᠋ᠷᠴᠤᠳ ᠬᠤᠷᠠᠯ ᠳᠤ ᠣᠷᠣᠯᠴᠠᠵᠠᠢ᠃
     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠯᠢ ᠴᠢᠶᠠᠩ ᠤᠨ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠴᠠᠬᠢᠮ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠦᠬᠦ ᠣᠷᠣᠨ᠂ ᠪᠦᠬᠦ ᠠᠶᠢᠮᠠᠭ ᠤᠨ ᠠᠶᠤᠯ ᠦᠭᠡᠢ ᠦᠢᠯᠡᠳᠪᠦᠷᠢᠯᠡᠯ ᠤᠨ ᠴᠠᠬᠢᠮ ᠬᠤᠷᠠᠯ ᠤᠨ ᠵᠣᠷᠢᠭ ᠰᠠᠨᠠᠭ᠎ᠠ᠂ ᠣᠳᠣᠬᠠᠨ ᠤ ᠮᠠᠨ ᠤ ᠪᠠᠯᠭᠠᠰᠤ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ ᠠᠶᠤᠯ ᠦᠭᠡᠢ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠡᠭᠦᠷᠡᠰᠦᠨ ᠤ ᠪᠤᠰᠤ ᠠᠭᠤᠷᠬᠠᠢ ᠶᠢᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠤᠢ ᠰᠢᠭᠤᠢ ᠶᠢᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠠᠮᠤᠷ ᠲᠦᠪᠰᠢᠨ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠮᠤᠷ ᠲᠦᠪᠰᠢᠨ᠂ ᠰᠣᠶᠣᠯ ᠵᠢᠭᠤᠯᠴᠢᠯᠠᠯ ᠤᠨ ᠠᠮᠤᠷ ᠲᠦᠪᠰᠢᠨ ᠵᠡᠷᠭᠡ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠭᠤᠣᠯᠳᠠᠯᠭ᠎ᠠ ᠲᠠᠢ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠭᠦᠢᠴᠡᠳᠬᠡᠬᠦ ᠬᠡᠷᠡᠭᠲᠡᠢ ᠭᠡᠵᠡᠢ᠃      ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠠᠳᠬᠤᠵᠤ᠂ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠣᠨ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠶᠡᠷᠦ ᠪᠤᠰᠤ ᠶᠢᠨ ᠠᠵᠢᠯ ᠤᠨ ᠠᠷᠭ᠎ᠠ ᠬᠡᠮᠵᠢᠶ᠎ᠡ᠂ ᠰᠢᠯᠭᠠᠷᠠᠭᠰᠠᠨ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠠᠵᠢᠯ ᠢ ᠲᠡᠷᠡ ᠬᠡᠪ ᠢᠶᠠᠷ ᠨᠢ ᠨᠠᠷᠢᠨ ᠨᠢᠭᠲᠠ ᠨᠠᠶᠢᠳᠠᠪᠤᠷᠢᠵᠢᠭᠤᠯᠬᠤ ᠬᠡᠷᠡᠭᠲᠡᠢ᠃ ᠭᠠᠯ ᠤᠨᠲᠠᠷᠠᠭᠠᠬᠤ ᠠᠮᠤᠷ ᠲᠦᠪᠰᠢᠨ ᠤ ᠲᠠᠯᠳᠠ ᠭᠡᠮ ᠢ ᠨᠠᠷᠢᠪᠴᠢᠯᠠᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠢᠯᠠᠩᠭᠤᠶ᠎ᠠ ᠬᠠᠷᠢᠶ᠎ᠠ ᠣᠷᠣᠨ ᠤ ︽ᠭᠤᠷᠪᠠ ᠶᠢ ᠨᠢᠭᠡᠳᠬᠡᠭᠰᠡᠨ ᠲᠠᠯᠠᠪᠤᠷ ᠭᠠᠵᠠᠷ︾᠂ ︽ᠶᠢᠰᠦᠨ ᠪᠠᠭ᠎ᠠ ᠲᠠᠯᠠᠪᠤᠷ ᠭᠠᠵᠠᠷ︾᠂ ᠲᠦᠷᠭᠡᠨ ᠬᠦᠷᠭᠡᠬᠦ ᠤᠯᠠᠭ᠎ᠠ ᠥᠷᠳᠡᠭᠡ᠂ ᠬᠤᠸᠠᠷ ᠫᠤᠤᠵᠢᠩ᠂ ᠰᠠᠭᠤᠭᠠᠯᠢ ᠠᠷᠠᠳ ᠤᠨ ᠲᠣᠭᠤᠷᠢᠭ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠵᠡᠷᠭᠡ ᠳᠤ ᠠᠮᠤᠷ ᠲᠦᠪᠰᠢᠨ ᠪᠤᠰᠤ ᠲᠠᠯᠳᠠ ᠭᠡᠮ ᠢ ᠨᠠᠷᠢᠪᠴᠢᠯᠠᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ᠂ ᠲᠥᠷᠥᠯ ᠬᠤᠪᠢᠶᠠᠨ ᠥᠷᠨᠢᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠭᠠᠯ ᠤᠨ ᠠᠶᠤᠯ ᠤᠨ ᠲᠠᠯᠳᠠ ᠭᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠤᠰᠠᠳᠬᠠᠵᠤ᠂ ᠭᠠᠯ ᠤᠨ ᠠᠶᠤᠯ ᠤᠨ ᠡ᠊ᠨᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠬᠤᠷᠢᠭᠯᠠᠬᠤ ᠬᠡᠷᠡᠭᠲᠡᠢ᠃ ᠭᠤᠷᠪᠠ ᠳᠤ᠂ ᠠᠮᠤᠷ ᠲᠦᠪᠰᠢᠨ ᠤ ᠤᠬᠠᠭᠤᠯᠭ᠎ᠠ ᠢᠳᠬᠠᠯ ᠢ ᠴᠢᠩᠭᠠᠳᠬᠠᠵᠤ᠂ ᠡᠷᠦᠬᠡ ᠳᠤ ᠬᠦᠷᠴᠦ ᠶᠡᠬᠡᠪᠡᠷ ᠰᠤᠷᠪᠤᠯᠵᠢᠯᠠᠬᠤ᠂ ᠤᠷᠢᠶ᠎ᠠ ᠯᠣᠽᠦ᠋ᠩ᠂ ᠬᠥᠨᠳᠡᠯᠡᠨ ᠪᠢᠴᠢᠭᠡᠰᠦ᠂ ᠵᠢᠷᠭᠢᠶ᠎ᠡ ᠶᠢᠨ ᠪᠦᠯᠦᠭ ᠵᠡᠷᠭᠡ ᠶᠢ ᠤᠬᠠᠭᠤᠯᠬᠤ ᠠᠷᠭ᠎ᠠ ᠬᠡᠯᠪᠡᠷᠢ ᠶᠢ ᠭᠦᠢᠴᠡᠳ ᠠᠰᠢᠭᠯᠠᠨ ᠠᠶᠤᠯᠭᠦᠢ ᠦᠢᠯᠡᠳᠪᠦᠷᠢᠯᠡᠯ᠂ ᠭᠠᠯ ᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠪᠣᠯᠣᠨ ᠪᠤᠰᠤᠳ ᠲᠠᠯ᠎ᠠ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠥᠷᠭᠡᠨ ᠡᠷᠴᠢᠮᠲᠡᠢ ᠤᠬᠠᠭᠤᠯᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠣᠷᠴᠢᠨ ᠢ ᠤᠷᠢᠳᠴᠢᠯᠠᠨ ᠪᠤᠢ ᠪᠣᠯᠭᠠᠵᠤ᠂ ᠤᠯᠠᠨ ᠲᠦᠮᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠪᠡᠶᠡᠯᠡᠭᠦᠯᠬᠦ ᠬᠡᠷᠡᠭᠲᠡᠢ᠃ ᠳᠥᠷᠪᠡ ᠳᠤ᠂ ᠵᠢᠵᠢᠭᠦᠷᠯᠡᠵᠦ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠠᠪᠤᠴᠠ ᠶᠢ ᠴᠢᠨᠠᠭᠰᠢᠳᠠ ᠰᠢᠯᠢᠳᠡᠭᠵᠢᠭᠦᠯᠵᠦ᠂ ᠴᠢᠩᠭ᠎ᠠ ᠬᠢᠨᠠᠨ ᠵᠢᠯᠤᠭᠤᠳᠴᠤ ᠪᠠᠶᠢᠴᠠᠭᠠᠨ᠂ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠬᠠᠷᠢᠶ᠎ᠠ ᠣᠷᠣᠨ ᠤ ᠠᠵᠤ ᠠᠬᠤᠶᠢᠯᠠᠯ᠂ ᠤᠯᠠᠨ ᠲᠦᠮᠡᠨ ᠤ ᠠᠮᠤᠷ ᠲᠠᠶᠢᠪᠤᠩ ᠵᠢᠯ ᠢ ᠥᠩᠭᠡᠷᠡᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠲᠠᠪᠤ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠴᠢᠩᠭ᠎ᠠ ᠠᠳᠬᠤᠵᠤ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠤᠨ ᠠᠷᠭ᠎ᠠ ᠬᠡᠮᠵᠢᠶ᠎ᠡ ᠬᠦᠷᠦᠯᠴᠡᠬᠦ ᠦᠭᠡᠢ ᠠᠴᠠ ᠪᠣᠯᠵᠤ ᠬᠦᠨᠳᠦ ᠶᠡᠭᠡ ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠠᠶᠢᠪᠠᠯ ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠠᠮᠤᠭ ᠤᠨ ᠬᠦᠴᠦᠲᠡᠢ ᠬᠠᠷᠢᠭᠤᠴᠠᠯᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠯᠠᠨ ᠢ ᠠᠮᠤᠷ ᠲᠠᠶᠢᠪᠤᠩ ᠵᠣᠯ ᠵᠢᠷᠭᠠᠯ ᠲᠠᠢ ᠠᠮᠢᠳᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号