ᠦᠨᠳᠦᠰᠦᠲᠡᠨ ᠤ ᠵᠡᠭᠡᠯᠢ ᠨᠡᠶᠢᠭᠡᠮ ᠲᠣᠭᠤᠷᠢᠭ ᠤᠨ ᠬᠢᠨ ︽ᠬᠤᠭ ᠨᠣᠪᠰᠢ ᠶᠢ ᠭᠠᠵᠠᠷ ᠲᠤᠨᠢ ᠬᠠᠶᠠᠬᠤ ᠦᠭᠡᠢ᠂ ᠪᠣᠯᠪᠠᠰᠤᠨ ᠢ ᠬᠠᠮᠲᠤ ᠪᠠᠷ ᠳᠠᠮᠵᠢᠭᠤᠯᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
                 ᠣᠶᠢᠷ᠎ᠠ ᠶᠢᠨ ᠡᠳᠦᠷ᠂ ᠦᠨᠳᠦᠰᠦᠲᠡᠨ ᠤ ᠵᠡᠭᠡᠯᠢ ᠨᠡᠶᠢᠭᠡᠮ ᠲᠣᠭᠤᠷᠢᠭ ᠤᠨ ᠬᠢᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ︽ᠬᠤᠭ ᠨᠣᠪᠰᠢ ᠶᠢ ᠭᠠᠵᠠᠷ ᠬᠠᠶᠠᠬᠤ ᠦᠭᠡᠢ᠂ ᠪᠣᠯᠪᠠᠰᠤᠨ ᠢ ᠬᠠᠮᠲᠤ ᠪᠠᠷ ᠳᠠᠮᠵᠢᠭᠤᠯᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠪᠣᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠪᠠ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠵᠦ᠂ ᠴᠡᠪᠡᠷ ᠲᠡᠭᠰᠢ᠂ ᠡᠮᠬᠢ ᠵᠢᠷᠤᠮ ᠲᠠᠢ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠣᠶ ᠪᠣᠯᠭᠠᠵᠤ᠂  ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠳ ᠠᠴᠠ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠪᠣᠯᠣᠨ ᠠᠷᠭ᠎ᠠ ᠶᠢ ᠨᠠᠷᠢᠨ ᠲᠠᠶᠢᠯᠪᠤᠷᠢᠯᠠᠵᠤ᠂ ᠡᠯ᠎ᠡ ᠲᠦᠷᠦᠯ ᠤᠨ ᠬᠤᠭ ᠨᠣᠪᠰᠢ ᠶᠢ ᠬᠡᠷᠬᠢᠨ ᠵᠥᠪ ᠲᠠᠯᠪᠢᠬᠤ ᠲᠤᠬᠠᠢ ᠶᠠᠷᠢᠪᠠ᠃ ᠡᠭᠦᠨ ᠤ ᠬᠠᠮᠲᠤ ᠪᠠᠰᠠ ᠬᠤᠭ ᠨᠣᠪᠰᠢ ᠶᠢ ᠭᠠᠵᠠᠷ ᠬᠠᠶᠠᠬᠤ ᠦᠭᠡᠢ ᠪᠠᠶᠢᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠣᠯᠠᠨ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠵᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠢ ᠪᠠᠶᠢᠵᠤ᠂ ᠣᠷᠴᠢᠨ ᠠᠬᠤᠢ ᠶᠢᠨ ᠠᠷᠢᠭᠤᠨ ᠴᠡᠪᠡᠷ ᠢ ᠪᠠᠲᠤᠯᠠᠬᠤ ᠶᠢ ᠤᠷᠢᠶᠠᠯᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号