ᠣᠯᠠᠨᠪᠤᠯᠠᠭ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠠᠶᠠᠨᠴᠢᠳ ᠤᠨ ᠪᠠᠭᠤᠳᠠᠯ ᠤᠨ ᠦᠢᠯᠡᠰ ᠢ ᠵᠢᠭᠠᠨ ᠵᠢᠯᠤᠭᠤᠳᠴᠤ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠥᠪᠯᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2024/3/18
        ᠡᠯ᠎ᠡ ᠲᠥᠷᠥᠯ ᠤᠨ ᠠᠮᠤᠷ ᠲᠦᠪᠰᠢᠨ ᠤ ᠬᠡᠮ ᠡᠷᠡᠰᠳᠡᠯ ᠢ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠲᠠᠰᠤ ᠬᠤᠷᠢᠭᠯᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠭᠠᠯ ᠤᠨ ᠭᠠᠮᠰᠢᠭ ᠢ ᠡᠰᠡᠷᠭᠦᠴᠡᠬᠦ ᠪᠠ ᠪᠠᠴᠢᠮ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠵᠣᠷᠢᠯᠭ᠎ᠠ ᠪᠠᠷ᠂ ︽ᠶᠢᠰᠦᠨ ᠪᠠᠭ᠎ᠠ︾ ᠲᠠᠯᠠᠪᠤᠷ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠣᠶᠢᠷ᠎ᠠ ᠶᠢᠨ ᠡᠳᠦᠷ᠂ ᠣᠯᠠᠨᠪᠤᠯᠠᠭ ᠲᠣᠮᠢᠯᠠᠭᠰᠠᠨ ᠰᠠᠯᠪᠤᠷᠢ ᠶᠢᠨ ᠬᠢᠨ ᠬᠠᠷᠢᠶ᠎ᠠ ᠣᠷᠣᠨ ᠤ ᠪᠠᠨ ᠠᠶᠠᠨᠴᠢᠳ ᠤᠨ ᠪᠠᠭᠤᠳᠠᠯ ᠤᠨ ᠦᠢᠯᠡᠰ ᠢ ᠵᠢᠯᠣᠭᠤᠳᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠥᠪᠯᠡᠷᠡᠭᠦᠯᠦᠨ ᠥᠷᠨᠢᠭᠦᠯᠪᠡ᠃
     ᠠᠷᠠᠳ ᠤᠨ ᠴᠠᠭᠳᠠᠭ᠎ᠠ ᠶᠠᠭᠤᠨ ᠤ ᠤᠷᠢᠳ ᠰᠣᠷᠢᠯᠲᠠ ᠳᠤ ᠣᠷᠣᠯᠴᠠᠭᠰᠠᠨ 8 ᠵᠣᠴᠢᠳ ᠤᠨ ᠪᠠᠭᠤᠳᠠᠯ ᠤᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠬᠦ ᠶᠢᠨ ᠴᠢᠬᠤᠯᠠ ᠴᠢᠨᠠᠷ ᠢ ᠲᠣᠳᠣᠷᠬᠠᠶᠢᠯᠠᠵᠤ᠂ ᠡᠯ᠎ᠡ ᠵᠣᠴᠢᠳ ᠤᠨ ᠪᠠᠭᠤᠳᠠᠯ ᠤᠨ ᠬᠠᠷᠢᠭᠤᠴᠠᠯᠭᠠᠲᠠᠨ ᠢ ᠲᠠᠨᠢᠯᠲᠠ ᠪᠠᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠬᠢᠨᠠᠮᠠᠭᠠᠢ ᠰᠤᠷᠤᠯᠴᠠᠨ ᠡᠵᠡᠮᠰᠢᠵᠦ᠂ ᠤᠷᠢᠳᠴᠢᠯᠠᠨ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠵᠠᠢ᠃ ᠳᠠᠷᠠᠭ᠎ᠠ ᠨᠢ ᠲᠤᠬᠠᠢ ᠶᠢᠨ ᠲᠠᠯᠠᠪᠤᠷ ᠲᠤ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠬᠤ ᠪᠠᠷ ᠳᠠᠮᠵᠢᠭᠤᠯᠤᠨ᠂ ᠠᠩᠬᠠᠨ ᠤ ᠦᠶ᠎ᠡ ᠶᠢᠨ ᠭᠠᠯ ᠲᠦᠢᠮᠡᠷ ᠤᠨ ᠠᠶᠤᠯ ᠭᠠᠮᠰᠢᠭ ᠢ ᠬᠡᠷᠬᠢᠨ ᠤᠨᠲᠠᠷᠠᠭᠠᠬᠤ᠂ ᠭᠠᠯ ᠲᠦᠢᠮᠡᠷ ᠤᠨ ᠠᠶᠤᠯ ᠭᠠᠮᠰᠢᠭ ᠢ ᠬᠡᠷᠬᠢᠨ ᠵᠥᠪ ᠢᠶᠠᠷ ᠮᠡᠳᠡᠭᠦᠯᠬᠦ᠂ ᠭᠠᠯ ᠤᠨ ᠲᠠᠯᠠᠪᠠᠢ ᠶᠢᠨ ᠥᠪᠡᠷ ᠢ ᠪᠠᠨ ᠠᠪᠤᠷᠠᠬᠤ ᠵᠢᠴᠢ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠬᠡᠷᠬᠢᠨ ᠲᠤᠬᠠᠢ ᠶᠢᠨ ᠲᠠᠯᠠᠪᠤᠷ ᠲᠤ ᠠᠵᠢᠯᠯᠠᠭᠤᠯᠤᠨ ᠭᠠᠯ ᠤᠨᠲᠠᠷᠠᠭᠠᠬᠤ ᠪᠠᠶᠢᠩᠭᠤ ᠲᠣᠬᠢᠶᠠᠯᠳᠤᠬᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢ ᠦᠵᠡᠭᠦᠯᠵᠦ᠂ ᠡᠯ᠎ᠡ ᠪᠠᠭᠤᠳᠠᠯ ᠤᠨ ᠦᠢᠯᠡᠰ ᠤᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃      ᠳᠠᠷᠠᠭ᠎ᠠ ᠨᠢ᠂ ᠠᠷᠠᠳ ᠤᠨ ᠴᠠᠭᠳᠠᠭ᠎ᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠵᠦ᠂ ᠳᠠᠭᠤᠷᠢᠶᠠᠮᠠᠯ ᠭᠠᠯ ᠤᠨ ᠭᠠᠮᠰᠢᠭ ᠤᠨ ᠰᠡᠷᠡᠮᠵᠢ ᠶᠢᠨ ᠳᠣᠬᠢᠶᠠᠨ ᠤ ᠲᠠᠭᠤᠨ ᠭᠠᠷᠬᠤ ᠶᠢ ᠳᠠᠭᠠᠯᠳᠤᠨ᠂ ᠰᠣᠷᠢᠯᠲᠠ ᠶᠢᠨ ᠠᠵᠢᠯᠲᠠᠳ ᠲᠡᠷᠡ ᠳᠠᠷᠤᠢ ᠳᠤᠨᠢ ᠲᠣᠭᠲᠠᠭᠰᠠᠨ ᠭᠠᠵᠠᠷ ᠲᠤ ᠬᠦᠷᠴᠦ᠂ ᠳᠠᠭᠤᠷᠢᠶᠠᠮᠠᠯ ᠭᠠᠯ ᠤᠨ ᠭᠠᠮᠰᠢᠭ ᠡᠭᠦᠰᠦᠭᠰᠡᠨ ᠲᠤᠬᠠᠢ ᠶᠢᠨ ᠲᠠᠯᠠᠪᠤᠷ ᠢ ᠡᠬᠢᠯᠡᠨ ᠬᠢᠵᠦ᠂ ᠵᠣᠴᠢᠳ ᠤᠨ ᠪᠠᠭᠤᠳᠠᠯ ᠤᠨ ᠠᠵᠢᠯᠲᠠᠳ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠮᠠ ᠬᠠᠮᠠᠷ ᠢ ᠨᠢ ᠲᠠᠭᠯᠠᠭᠤᠯᠤᠨ᠂ ᠪᠥᠬᠦᠶᠢᠨ ᠤᠷᠤᠭᠰᠢᠯᠠᠵᠤ ᠭᠠᠯ ᠤᠨᠲᠠᠷᠠᠭᠠᠬᠤ ᠵᠠᠮ ᠢᠶᠠᠷ ᠲᠦᠷᠭᠡᠨ ᠲᠠᠷᠬᠠᠭᠠᠨ᠂ ᠡᠮᠬᠢ ᠵᠢᠷᠤᠮ ᠲᠠᠢ ᠪᠠᠷ ᠠᠮᠤᠷ ᠲᠦᠪᠰᠢᠨ ᠭᠠᠵᠠᠷ ᠲᠤ ᠵᠠᠶᠢᠯᠠᠭᠤᠯᠪᠠ︔ ᠡᠭᠦᠨ ᠤ ᠵᠡᠷᠭᠡ ᠳᠤ ᠭᠠᠯ ᠤᠨᠲᠠᠷᠠᠭᠠᠭᠤᠷ ᠤᠨ ᠠᠵᠢᠯᠯᠠᠭᠴᠢ ᠠᠴᠠ ᠭᠠᠯ ᠤᠨ ᠴᠡᠭ ᠲᠤ ᠭᠠᠯ ᠤᠨᠲᠠᠷᠠᠭᠠᠵᠤ᠂ ᠠᠵᠢᠯᠯᠠᠭᠴᠢ ᠠᠴᠠ ᠭᠠᠯ ᠤᠨᠲᠠᠷᠠᠭᠠᠭᠤᠷ ᠤᠨ ᠠᠵᠢᠯᠯᠠᠭ᠎ᠠ ᠶᠢᠨ ᠠᠷᠭ᠎ᠠ ᠶᠢ ᠴᠢᠩᠭ᠎ᠠ ᠵᠢᠷᠤᠮᠯᠠᠨ ᠭᠠᠯ ᠢ ᠠᠮᠵᠢᠯᠲᠠᠲᠠᠢ ᠤᠨᠲᠠᠷᠠᠭᠠᠵᠤ᠂ ᠭᠠᠯ ᠢ ᠲᠤᠶᠢᠯᠪᠤᠷᠢᠲᠠᠢ ᠤᠨᠲᠠᠷᠠᠭᠠᠭᠰᠠᠨ ᠤ ᠳᠠᠷᠠᠭ᠎ᠠ ᠰᠣᠷᠢᠯᠲᠠ ᠬᠢᠵᠦ ᠳᠠᠭᠤᠰᠪᠠ᠃      ᠰᠣᠷᠢᠯᠲᠠ ᠳᠠᠭᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠣᠰ ᠤᠳᠠᠭᠠᠨ ᠤ ᠭᠠᠯ ᠤᠨᠲᠠᠷᠠᠭᠠᠬᠤ ᠰᠣᠷᠢᠯᠲᠠ ᠶᠢᠨ ᠵᠣᠴᠢᠳ ᠤᠨ ᠪᠠᠭᠤᠳᠠᠯ᠂ ᠵᠣᠴᠢᠳ ᠤᠨ ᠪᠠᠭᠤᠳᠠᠯ ᠳᠤ ᠠᠮᠠᠷᠬᠠᠨ ᠭᠠᠯ ᠲᠦᠢᠮᠡᠷ ᠤᠨ ᠠᠶᠤᠯ ᠭᠠᠮᠰᠢᠭ ᠭᠠᠷᠳᠠᠭ ᠣᠨᠴᠠᠯᠢᠭ ᠲᠠᠢ ᠤᠶᠠᠯᠳᠤᠭᠤᠯᠤᠨ᠂ ᠬᠡᠷᠬᠢᠨ ᠭᠠᠯ ᠢ ᠰᠡᠷᠭᠡᠶᠢᠯᠡᠬᠦ᠂ ᠭᠠᠯ ᠢ ᠤᠨᠲᠠᠷᠠᠭᠠᠬᠤ᠂ ᠠᠮᠢ ᠵᠢᠭᠤᠲᠠᠬᠤ᠂ ᠥᠪᠡᠷ ᠢ ᠪᠠᠨ ᠠᠪᠤᠷᠠᠬᠤ ᠵᠡᠷᠭᠡ ᠳᠥᠷᠪᠡᠨ ᠲᠠᠯ᠎ᠠ ᠠᠴᠠ ᠲᠤᠷᠰᠢᠯᠭ᠎ᠠ ᠪᠠᠨ ᠳ᠋ᠦᠩᠨᠡᠭᠰᠡᠨ ᠪᠥᠭᠡᠳ ᠣᠶᠢᠷ᠎ᠠ ᠶᠢᠨ ᠬᠡᠳᠦᠨ ᠤᠳᠠᠭᠠᠨ ᠤ ᠨᠥᠯᠥᠭᠡ ᠶᠡᠬᠡᠲᠡᠢ ᠭᠠᠯ ᠤᠨ ᠭᠠᠮᠰᠢᠭ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠲᠦᠢᠮᠡᠷ ᠤᠨ ᠠᠶᠤᠯ ᠭᠠᠮᠰᠢᠭ ᠭᠠᠷᠤᠭᠰᠠᠨ ᠰᠢᠯᠲᠠᠭᠠᠨ᠂ ᠤᠴᠠᠷᠠᠭᠤᠯᠤᠭᠰᠠᠨ ᠬᠦᠨᠳᠦ ᠨᠣᠴᠢᠲᠠᠢ ᠦᠷ᠎ᠡ ᠤᠷᠰᠢᠭ ᠵᠢᠴᠢ ᠨᠡᠶᠢᠭᠡᠮ ᠳᠤ ᠤᠴᠠᠷᠠᠭᠤᠯᠤᠭᠰᠠᠨ ᠬᠤᠣᠷ ᠬᠥᠨᠥᠭᠡᠯ ᠢ ᠵᠠᠳᠠᠯᠤᠭᠰᠠᠨ ᠪᠠᠶᠢᠨ᠎ᠠ᠃ ᠲᠣᠰ ᠤᠳᠠᠭᠠᠨ ᠤ ᠰᠣᠷᠢᠯᠲᠠ ᠪᠠᠷ ᠳᠠᠮᠵᠢᠭᠤᠯᠤᠨ᠂ ᠡᠯ᠎ᠡ ᠠᠶᠠᠨᠴᠢᠳ ᠤᠨ ᠪᠠᠭᠤᠳᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ᠂ ᠠᠮᠤᠷ ᠠᠮᠤᠭᠤᠯᠠᠩ᠂ ᠦᠵᠡᠰᠬᠦᠯᠡᠩᠲᠦ ᠰᠠᠶᠢᠬᠠᠨ ᠨᠡᠶᠢᠭᠡᠮ ᠤᠨ ᠶᠡᠭᠡ ᠣᠷᠴᠢᠨ ᠨᠥᠬᠦᠴᠡᠯ ᠢ ᠡᠭᠦᠳᠦᠨ ᠪᠠᠶᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号