ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠠᠨᠢᠵᠤ ᠣᠶᠢᠯᠠᠭᠠᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠲᠠᠢ ᠬᠠᠮᠲᠤ ᠪᠠᠷ ︽ᠵᠣᠯ ᠵᠢᠷᠭᠠᠯ ᠤᠨ ᠨᠠᠷᠢᠨ ᠵᠢᠭᠰᠠᠭᠠᠯᠲᠠ︾᠎ ᠶᠢ ᠶᠠᠷᠢᠯᠴᠠᠪᠠ
ᠨᠡᠶᠢᠲᠡᠯᠡᠭᠰᠡᠨ ᠴᠠᠭ᠄
2024/3/18
   ᠣᠶᠢᠷ᠎ᠠ ᠶᠢᠨ ᠡᠳᠦᠷ ᠤᠳ ᠲᠤ᠂ ᠹᠦ᠋ ᠯᠢᠨ᠂ ᠹᠦ᠋ ᠴᠢᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠠᠴᠠ ᠭᠠᠷᠳᠠᠵᠤ᠂ ᠡᠷᠦᠬᠡ ᠳᠤ ᠬᠦᠷᠴᠦ ᠰᠤᠷᠪᠤᠯᠵᠢᠯᠠᠬᠤ᠂ ᠬᠠᠮᠲᠤ ᠪᠠᠷ ᠶᠠᠷᠢᠯᠴᠠᠬᠤ ᠵᠡᠷᠭᠡ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ︽ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠶᠢᠨ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠶᠢᠨ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠳᠡᠭᠦᠦ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠃ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ᠃ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠶᠤᠮ᠃︾ ᠭᠡᠬᠦ ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠠᠨᠢᠵᠤ ᠣᠶᠢᠯᠠᠭᠠᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠲᠠᠢ ᠬᠠᠮᠲᠤ ᠪᠠᠷ ︽ᠵᠣᠯ ᠵᠢᠷᠭᠠᠯ ᠤᠨ ᠨᠠᠷᠢᠨ ᠵᠢᠭᠰᠠᠭᠠᠯᠲᠠ︾᠎ ᠶᠢ ᠶᠠᠷᠢᠯᠴᠠᠪᠠ᠃
     ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠨᠠᠮ ᠤᠨ ᠡᠭᠦᠷ ᠤᠨ ᠱᠦᠵᠢ ᠨᠠᠮ ᠤᠨ ᠭᠡᠰᠢᠭᠦᠨ ᠪᠣᠯᠣᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠶᠠᠷᠢᠯᠴᠠᠬᠤ ᠬᠤᠷᠠᠯ ᠥᠷᠨᠢᠭᠦᠯᠵᠦ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠦᠢᠯᠡᠳᠪᠦᠷᠢᠯᠡᠯ ᠤᠨ ᠳᠤᠮᠳᠠᠬᠢ ᠬᠦᠴᠢᠷᠳᠡᠯ ᠢ ᠠᠰᠠᠭᠤᠨ ᠯᠠᠪᠯᠠᠵᠤ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠮᠡᠳᠡᠷᠡᠭᠦᠯᠬᠦ ᠶᠢᠨ ᠬᠠᠮᠲᠤ ᠬᠠᠮᠲᠤ ᠶᠢᠨ ᠰᠤᠷᠤᠯᠴᠠᠯᠭ᠎ᠠ ᠥᠷᠨᠢᠭᠦᠯᠵᠦ᠂ ︽ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠶᠢᠨ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠶᠢᠨ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠳᠡᠭᠦᠦ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠃ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ᠃ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠶᠤᠮ᠃︾ ᠭᠡᠬᠦ ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ ᠨᠠᠷᠢᠨ ᠲᠠᠶᠢᠯᠪᠤᠷᠢᠯᠠᠵᠠᠢ᠃ ᠠᠷᠪᠠᠨ ᠵᠢᠯ ᠤᠨ ᠲᠤᠷᠰᠢᠬᠢ ᠬᠠᠷᠢᠶᠠᠲᠤ ᠣᠷᠣᠨ ᠤ ᠬᠤᠪᠢᠷᠠᠯᠲᠠ ᠶᠢᠨ ᠲᠤᠬᠠᠢ ᠶᠠᠷᠢᠬᠤ ᠳᠠᠭᠠᠨ ᠤᠯᠠᠨ ᠢᠶᠠᠷ ᠢᠶᠠᠨ ᠡᠮ ᠡᠮᠨᠡᠯᠭᠡ᠂ ᠬᠤᠭᠤᠯᠠ ᠤᠮᠳᠠ᠂ ᠣᠷᠣᠨ ᠰᠠᠭᠤᠴᠠ᠂ ᠶᠠᠪᠤᠵᠤ ᠰᠠᠭᠤᠬᠤ ᠵᠡᠷᠭᠡ ᠡᠯ᠎ᠡ ᠲᠠᠯ᠎ᠠ ᠶᠢᠨ ᠬᠤᠪᠢᠷᠠᠯᠲᠠ ᠠᠴᠠ ᠡᠬᠢᠯᠡᠨ ᠶᠠᠷᠢᠵᠤ᠂ ᠰᠠᠶᠢᠨ ᠴᠠᠭ ᠦᠶ᠎ᠡ ᠶᠢ ᠬᠥᠭᠡᠭᠡᠵᠦ ᠭᠦᠢᠴᠡᠪᠡ᠂ ᠣᠳᠣᠬᠢ ᠪᠠᠶᠢᠳᠠᠯ ᠢᠶᠠᠨ ᠨᠠᠨᠳᠢᠩᠨᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠵᠢᠵᠢᠭ ᠭᠡᠷ ᠪᠦᠯᠢ ᠪᠠᠨ ᠨᠡᠩ ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号