ᠤᠢ ᠰᠢᠭᠤᠢ ᠶᠢᠨ ᠭᠠᠯ ᠲᠦᠢᠮᠡᠷ ᠤᠨ ᠠᠶᠤᠯ ᠭᠠᠮᠰᠢᠭ ᠢ ᠪᠦᠲᠦᠮᠵᠢᠲᠡᠢ ᠰᠡᠷᠭᠡᠶᠢᠯᠡᠪᠡ
ᠨᠡᠶᠢᠲᠡᠯᠡᠭᠰᠡᠨ ᠴᠠᠭ᠄
2024/3/18
                  ᠪᠦᠬᠦ ᠠᠷᠠᠳ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠪᠣᠯᠣᠨ ᠪᠠᠶᠢᠭᠠᠯᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠵᠣᠷᠢᠯᠭ᠎ᠠ ᠪᠠᠷ᠂ ᠣᠶᠢᠷ᠎ᠠ ᠶᠢᠨ ᠡᠳᠦᠷ ᠤᠳ ᠲᠤ᠂ ᠣᠯᠠᠨᠪᠤᠯᠠᠭ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠳᠡᠯᠭᠡᠷᠡᠭᠦᠯᠬᠦ ᠲᠥᠪ ᠢ ᠵᠣᠬᠢᠶᠠᠨ ᠪᠠᠶᠢᠭᠤᠯᠤᠨ ᠲᠤᠰᠬᠠᠢ ᠠᠵᠢᠯᠯᠠᠭ᠎ᠠ ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠳᠤ ᠭᠠᠯ ᠲᠦᠢᠮᠡᠷ ᠤᠨ ᠠᠶᠤᠯ ᠭᠠᠮᠰᠢᠭ ᠤᠨ ᠭᠡᠮ ᠡᠷᠡᠰᠳᠡᠯ ᠢ ᠨᠠᠷᠢᠪᠴᠢᠯᠠᠨ ᠪᠠᠶᠢᠴᠠᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠡᠢ᠃
     ᠬᠥᠨᠳᠡᠯᠡᠨ ᠪᠢᠴᠢᠭᠡᠰᠦ ᠡᠯᠭᠦᠬᠦ᠂ ᠤᠷᠢᠶ᠎ᠠ ᠯᠣᠽᠦ᠋ᠩ ᠨᠠᠭᠠᠬᠤ ᠪᠠ ᠸᠢᠴᠠᠲ ᠤᠨ ᠴᠠᠬᠢᠮ ᠲᠠᠪᠴᠠᠩ ᠢᠶᠠᠷ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠭᠠᠮᠰᠢᠭ ᠠᠴᠠ ᠰᠡᠷᠭᠡᠶᠢᠯᠡᠨ ᠤᠨᠲᠠᠷᠠᠭᠠᠬᠤ ᠮᠡᠳᠡᠯᠭᠡ ᠶᠢ ᠲᠦᠭᠡᠮᠡᠯᠵᠢᠭᠦᠯᠪᠡ᠃ ᠣᠲᠣ ᠪᠣᠯᠲᠠᠯ᠎ᠠ᠂ ᠨᠡᠶᠢᠲᠡ 10 ᠭᠠᠷᠤᠢ ᠵᠤᠷᠪᠤᠰ ᠤᠬᠠᠭᠤᠯᠭ᠎ᠠ ᠶᠢᠨ ᠸᠢᠴᠠᠲ ᠢ ᠢᠯᠡᠭᠡᠵᠦ᠂ 2 ᠵᠤᠷᠪᠤᠰ ᠬᠥᠨᠳᠡᠯᠡᠨ ᠪᠢᠴᠢᠭᠡᠰᠦ ᠡᠯᠭᠦᠵᠦ᠂ 50 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠠᠯ ᠤᠨ ᠢᠷᠡᠯᠲᠡ ᠶᠢ ᠬᠠᠮᠢᠶᠠᠷᠬᠤ ︵ᠭᠠᠯ ᠤᠨ ᠪᠠᠶᠢᠳᠠᠯ ᠢ ᠡᠷᠲᠡ ᠰᠢᠢᠳᠪᠦᠷᠢᠯᠡᠬᠦ ᠪᠠᠭᠲᠠᠨ᠎ᠠ︶᠂ ᠡᠩᠨᠡᠭᠡ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠤᠬᠠᠭᠤᠯᠭ᠎ᠠ ᠬᠥᠮᠦᠵᠢᠯ ᠵᠡᠷᠭᠡ ᠲᠠᠯ᠎ᠠ ᠪᠠᠷ ᠨᠠᠷᠢᠪᠴᠢᠯᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠢ ᠡᠮᠬᠢᠯᠡᠨ ᠲᠥᠷᠥᠯᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠳ᠋ᠤᠭᠠᠷ ᠢ ᠨᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠦᠨ᠂ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号