ᠣᠯᠠᠨᠪᠤᠯᠠᠭ ᠪᠠᠯᠭᠠᠰᠤᠨ ᠤ ᠲᠥᠬᠦᠮ ᠭᠠᠴᠠᠭ᠎ᠠ ᠲᠠᠮᠠᠬᠢ ᠴᠡᠭᠡᠷᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
        ᠣᠯᠠᠨᠪᠤᠯᠠᠭ ᠪᠠᠯᠭᠠᠰᠤᠨ ᠤ ᠲᠥᠬᠦᠮ ᠭᠠᠴᠠᠭ᠎ᠠ ᠳᠤ ︽ᠲᠠᠮᠠᠬᠢ ᠦᠭᠡᠢ ᠡᠳᠦᠷ︾᠎ ᠤᠨ ᠠᠵᠢᠯᠯᠠᠭ᠎ᠠ ᠶᠢ ᠥᠷᠨᠢᠭᠦᠯᠪᠡ᠃
      ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠰᠠᠨᠠᠯ︾ ᠵᠢᠴᠢ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠴᠠᠭᠠᠵᠠᠯᠠᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠰᠤᠷᠤᠯᠴᠠᠬᠤ ᠪᠠᠷ ᠳᠠᠮᠵᠢᠭᠤᠯᠤᠨ᠂ ᠲᠠᠮᠠᠬᠢ ᠲᠠᠲᠠᠬᠤ᠂ ᠳᠠᠮ ᠢᠶᠠᠷ ᠲᠠᠮᠠᠬᠢ ᠲᠠᠲᠠᠬᠤ ᠶᠢᠨ ᠬᠤᠣᠷ ᠬᠥᠨᠥᠭᠡᠯ ᠢ ᠨᠠᠷᠢᠨ ᠲᠠᠶᠢᠯᠪᠤᠷᠢᠯᠠᠵᠤ᠂ ᠴᠠᠭᠠᠨ ᠰᠠᠷ᠎ᠠ ᠶᠢᠨ ᠲᠠᠮᠠᠬᠢ ᠲᠠᠲᠠᠬᠤ ᠦᠭᠡᠢ ᠣᠷᠴᠢᠨ ᠢ ᠤᠯᠠᠮ ᠪᠣᠶ ᠪᠣᠯᠭᠠᠵᠤ᠂ ᠣᠯᠠᠨ ᠤ ᠲᠠᠮᠠᠬᠢ ᠲᠠᠲᠠᠬᠤ ᠪᠠᠨ ᠵᠣᠭᠰᠣᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠠᠶᠠᠷ ᠳᠤᠷᠠᠰᠬᠠᠯ ᠤᠨ ᠡᠳᠦᠷ ᠲᠠᠮᠠᠬᠢ ᠲᠠᠲᠠᠬᠤ ᠦᠭᠡᠢ᠂ ᠲᠠᠮᠠᠬᠢ ᠪᠠᠷᠢᠬᠤ ᠦᠭᠡᠢ᠂ ᠲᠠᠮᠠᠬᠢ ᠬᠦᠷᠭᠡᠬᠦ ᠦᠭᠡᠢ ᠪᠠᠶᠢᠬᠤ ᠶᠢ ᠰᠠᠨᠠᠭᠠᠴᠢᠯᠠᠵᠤ᠂ ᠭᠠᠴᠠᠭᠠᠨ ᠤ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠡᠷᠡᠭᠦᠯ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠣᠨᠣᠯᠵᠢᠬᠤᠨ ᠢ ᠦᠢᠯᠡᠳᠦᠯᠭᠡᠵᠢᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号