ᠣᠯᠠᠨᠪᠤᠯᠠᠭ ᠪᠠᠯᠭᠠᠰᠤᠨ ᠤ ᠡᠩᠬᠡ ᠲᠠᠶᠢᠪᠤᠩ ᠭᠠᠴᠠᠭ᠎ᠠ ᠳᠤ ᠬᠠᠯᠠᠭᠤᠨ ᠳᠣᠲᠣᠨᠣ ᠪᠠᠷ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
     ᠣᠶᠢᠷ᠎ᠠ ᠳᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠭ᠎ᠠ ᠳᠣᠣᠷ᠎ᠠ᠂ ᠡᠩᠬᠡ ᠲᠠᠶᠢᠪᠤᠩ ᠭᠠᠴᠠᠭᠠᠨ ᠤ ᠨᠠᠮ ᠤᠨ ᠡᠭᠦᠷ ᠠᠴᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠵᠣᠬᠢᠴᠠᠭᠤᠯᠵᠤ᠂ ᠭᠠᠴᠠᠭᠠᠨ ᠤ ᠵᠡᠮᠳᠡᠭᠴᠦᠳ ᠤᠨ ᠭᠡᠷ ᠪᠦᠯᠢ᠂ ᠠᠮᠢᠳᠤᠷᠠᠯ ᠨᠢ ᠬᠦᠴᠢᠷᠳᠡᠯᠲᠡᠢ ᠣᠯᠠᠨ ᠲᠦᠮᠡᠨ᠂ ᠭᠤᠣᠨᠢ ᠨᠠᠰᠤᠲᠠᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠤᠳᠤᠷᠢᠳᠤᠯᠭ᠎ᠠ ᠶᠢ ᠲᠣᠬᠤᠨᠢᠭᠤᠯᠵᠤ ᠵᠡᠮᠳᠡᠭ ᠬᠥᠮᠥᠨ᠂ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠬᠠᠯᠠᠭᠤᠨ ᠳᠤᠯᠠᠭᠠᠨ ᠢ ᠨᠢ ᠬᠠᠯᠠᠮᠵᠢᠯᠠᠨ ᠠᠰᠠᠭᠤᠵᠤ ᠂ ᠭᠡᠷ ᠪᠦᠯᠢ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠡᠷᠴᠢᠮᠲᠡᠢ ᠣᠶᠢᠯᠠᠭᠠᠵᠤ᠂ ᠲᠤᠯᠭᠠᠷᠠᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠨᠢ ᠠᠰᠠᠭᠤᠬᠤ ᠶᠢᠨ ᠬᠠᠮᠲᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠲᠡᠳᠡᠨ ᠢ ᠠᠮᠢᠳᠤᠷᠠᠯ ᠤᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠢ ᠰᠡᠳᠬᠢᠯᠭᠡ ᠲᠠᠢ ᠪᠠᠶᠢᠵᠤ᠂ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠪᠣᠯᠣᠨ ᠬᠠᠪᠰᠤᠷᠤᠯᠭ᠎ᠠ ᠪᠠᠷ ᠠᠮᠢᠳᠤᠷᠠᠯ ᠢᠶᠠᠨ ᠤᠯᠠᠮ ᠬᠥᠭᠵᠢᠶᠡᠨᠲᠡᠢ ᠪᠣᠯᠭᠠᠬᠤ ᠶᠢ ᠵᠣᠷᠢᠭᠵᠢᠭᠤᠯᠪᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号