ᠬᠦᠴᠢᠷᠳᠡᠯᠲᠡᠢ ᠨᠠᠮ ᠤᠨ ᠭᠡᠰᠢᠭᠦᠨ᠂ ᠣᠯᠠᠨ ᠲᠦᠮᠡᠨ ᠳᠤ ᠴᠠᠭᠠᠨ ᠰᠠᠷ᠎ᠠ ᠶᠢᠨ ᠲᠣᠬᠤᠨᠢᠭᠤᠯᠤᠯ ᠪᠠ ᠢᠷᠦᠭᠡᠯ ᠳᠡᠪᠰᠢᠭᠦᠯᠵᠡᠢ
ᠨᠡᠶᠢᠲᠡᠯᠡᠭᠰᠡᠨ ᠴᠠᠭ᠄
2024/3/18
               ᠨᠠᠨᠲ᠋ᠢᠶᠠᠨ ᠨᠡᠶᠢᠭᠡᠮ ᠲᠣᠭᠤᠷᠢᠭ ᠤᠨ ᠬᠢᠨ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠎ ᠬᠢᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠦᠷᠦᠯ ᠲᠡᠮᠳᠡᠭ ᠤᠨ ᠲᠣᠭᠤᠷᠢᠨ ᠳᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠬᠠᠮᠲᠤᠪᠠᠷ ᠪᠠᠶᠢᠭᠤᠯᠬᠤ ᠨᠢᠭᠡᠴᠢ ᠶᠢᠨ ᠬᠠᠮᠲᠤᠪᠠᠷ ᠵᠠᠰᠠᠬᠤ᠂ ᠬᠠᠮᠲᠤᠪᠠᠷ ᠪᠠᠶᠢᠭᠤᠯᠬᠤ᠂ ᠬᠠᠮᠲᠤᠪᠠᠷ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠵᠣᠷᠢᠯᠭ᠎ᠠ ᠪᠠᠷ᠂ ᠣᠶᠢᠷ᠎ᠠ ᠳᠤ᠂ ᠠᠶᠢᠮᠠᠭ ᠤᠨ ᠵᠠᠬᠢᠷᠭ᠎ᠠ᠂ ᠬᠤᠰᠢᠭᠤᠨ ᠤ ᠵᠠᠰᠠᠭ ᠤᠨ ᠣᠷᠳᠣᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ᠂ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠭᠤᠣᠯ ᠮᠥᠷᠡᠨ ᠨᠠᠭᠤᠷ ᠤᠰᠤᠨ ᠤ ᠶᠠᠪᠤᠳᠠᠯ ᠤᠨ ᠲᠥᠪ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠰᠢᠨᠬᠤᠸᠠ ᠵᠡᠭᠡᠯᠢ ᠭᠤᠳᠤᠮᠵᠢ ᠵᠡᠷᠭᠡ ᠡᠯ᠎ᠡ ᠰᠠᠯᠠᠭ᠎ᠠ ᠮᠥᠴᠢᠷ ᠠᠴᠠ ᠨᠠᠨᠲ᠋ᠢᠶᠠᠨ ᠨᠡᠶᠢᠭᠡᠮ ᠲᠣᠭᠤᠷᠢᠭ ᠤᠨ ᠬᠦᠴᠢᠷᠳᠡᠯᠲᠡᠢ ᠨᠠᠮ ᠤᠨ ᠭᠡᠰᠢᠭᠦᠨ᠂ ᠣᠯᠠᠨ ᠲᠦᠮᠡᠨ ᠳᠤ ᠴᠠᠭᠠᠨ ᠰᠠᠷ᠎ᠠ ᠶᠢᠨ ᠲᠣᠬᠤᠨᠢᠭᠤᠯᠤᠯ ᠪᠠ ᠢᠷᠦᠭᠡᠯ ᠳᠡᠪᠰᠢᠭᠦᠯᠵᠡᠢ᠃
     ᠨᠠᠨᠲ᠋ᠢᠶᠠᠨ ᠨᠡᠶᠢᠭᠡᠮ ᠲᠣᠭᠤᠷᠢᠭ ᠪᠣᠯᠣᠨ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠤᠳᠤᠷᠢᠳᠤᠯᠭ᠎ᠠ 15 ᠡᠷᠦᠬᠡ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ᠂ ᠤᠯᠠᠨ ᠲᠦᠮᠡᠨ ᠳᠤ ᠲᠣᠬᠤᠨᠢᠭᠤᠯᠬᠤ ᠪᠣᠳᠠᠰ᠂ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠲᠡᠳᠡᠨ ᠳᠤ ᠰᠢᠨ᠎ᠡ ᠵᠢᠯ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ ᠡᠷᠦᠬᠡ ᠪᠦᠷᠢ ᠳᠤ ᠬᠦᠷᠴᠦ ᠢᠷᠡᠬᠦ ᠪᠦᠷᠢ᠂ ᠲᠣᠬᠤᠨᠢᠭᠤᠯᠬᠤ ᠳᠤᠭᠤᠶᠢᠯᠠᠩ ᠤᠨ ᠬᠢᠨ ᠲᠡᠳᠡᠨ ᠲᠠᠢ ᠬᠠᠯᠠᠭᠤᠨ ᠢᠶᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠬᠠᠯᠠᠮᠵᠢᠯᠠᠨ ᠠᠰᠠᠭᠤᠬᠤ ᠶᠢᠨ ᠬᠠᠮᠲᠤ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠠᠶᠠᠷ ᠬᠥᠷ ᠲᠠᠢ᠂ ᠥᠯᠵᠡᠢ ᠪᠡᠯᠭᠡ ᠲᠠᠢ᠂ ᠬᠠᠯᠠᠭᠤᠨ ᠳᠤᠯᠠᠭᠠᠨ ᠴᠠᠭᠠᠨ ᠰᠠᠷ᠎ᠠ ᠶᠢ ᠥᠩᠭᠡᠷᠡᠭᠦᠯᠬᠦ ᠎ ᠶᠢ ᠵᠣᠷᠢᠭᠵᠢᠭᠤᠯᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号