ᠣᠯᠠᠨᠪᠤᠯᠠᠭ ᠪᠠᠯᠭᠠᠰᠤᠨ ᠤ ᠴᠢᠭ ᠵᠠᠭ ᠭᠠᠴᠠᠭ᠎ᠠ ᠳᠤ ᠬᠦᠷᠴᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
        ᠣᠶᠢᠷ᠎ᠠ ᠶᠢᠨ ᠡᠳᠦᠷ᠂ ᠴᠢᠭ ᠵᠠᠭ ᠭᠠᠴᠠᠭ᠎ᠠ ᠶᠢᠨ ︽ᠬᠤᠶᠠᠷ ᠵᠥᠪᠯᠡᠯ︾ ᠳᠠᠯᠠᠨ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠡᠪᠰᠢᠭᠦᠯᠪᠡ᠃
     ᠭᠠᠴᠠᠭᠠᠨ ᠤ ︽ᠬᠤᠶᠠᠷ ᠵᠥᠪᠯᠡᠯ︾ ᠲᠡᠳᠡᠨ ᠲᠠᠢ ᠵᠣᠭᠤᠭ ᠳᠡᠯᠭᠡᠵᠦ᠂ ᠠᠮᠢᠳᠤᠷᠠᠯ ᠤᠨ ᠪᠠᠶᠢᠳᠠᠯ ᠢ ᠨᠢ ᠠᠰᠠᠭᠤᠵᠤ᠂ ᠲᠡᠳᠡᠨ ᠢ ᠪᠡᠶ᠎ᠡ ᠪᠠᠨ ᠭᠠᠮᠨᠠᠭᠠᠷᠠᠢ ᠭᠡᠵᠦ ᠵᠠᠬᠢᠪᠠ᠃ ᠭᠠᠴᠠᠭᠠᠨ ᠤ ᠠᠷᠪᠠᠨ ᠵᠢᠯ ᠤᠨ ᠲᠤᠷᠰᠢᠬᠢ ᠣᠯᠣᠭᠰᠠᠨ ᠬᠥᠭᠵᠢᠯᠲᠡ ᠪᠠ ᠠᠮᠵᠢᠯᠲᠠ ᠪᠦᠲᠦᠮᠵᠢ ᠶᠢ ᠬᠠᠮᠲᠤ ᠪᠠᠷ ᠲᠣᠭᠠᠴᠢᠨ ᠶᠠᠷᠢᠵᠤ᠂ ᠠᠷᠠᠳ ᠣᠯᠠᠨ ᠢ ᠪᠠᠶᠠᠷ ᠴᠡᠩᠭᠡᠯ ᠲᠠᠢ ᠪᠠᠶᠢᠵᠤ᠂ ᠵᠣᠯ ᠵᠢᠷᠭᠠᠯᠲᠤ ᠠᠮᠢᠳᠤᠷᠠᠯ ᠢᠶᠠᠨ ᠦᠷᠭᠦᠯᠵᠢᠯᠡᠨ ᠴᠣᠭᠴᠠᠯᠠᠭᠠᠷᠠᠢ ᠭᠡᠵᠦ ᠵᠣᠷᠢᠭᠵᠢᠭᠤᠯᠪᠠ︔ ᠶᠠᠭᠠᠷᠠᠯᠲᠠᠢ ᠲᠣᠬᠢᠶᠠᠯᠳᠤᠯ ᠳᠤ ᠬᠡᠷᠡᠭᠯᠡᠬᠦ ᠬᠠᠯᠠᠮᠵᠢ ᠶᠢᠨ ᠤᠲᠠᠰᠤ ᠶᠢ ᠨᠡᠶᠢᠲᠡᠯᠡᠭᠰᠡᠨ ᠤ ᠳᠠᠷᠠᠭ᠎ᠠ ᠨᠠᠰᠤᠲᠠᠶᠢᠴᠤᠳ ᠴᠠᠭ ᠲᠤᠬᠠᠢ ᠳᠤᠨᠢ ᠤᠲᠠᠰᠤᠳᠠᠵᠤ ᠬᠠᠪᠰᠤᠷᠤᠯᠭ᠎ᠠ ᠭᠤᠶᠤᠵᠤ ᠪᠣᠯᠬᠤ ᠲᠠᠯ᠎ᠠ ᠪᠠᠷ ᠪᠠᠰᠠ ᠲᠠᠨᠢᠯᠴᠠᠭᠤᠯᠪᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号