| ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠡᠷᠴᠢᠮᠲᠡᠢ ᠰᠤᠷᠤᠯᠴᠠᠨ ᠲᠤᠤᠱᠯᠠᠭᠤᠯᠬᠤ ᠵᠣᠷᠢᠯᠭ᠎ᠠ ᠪᠠᠷ᠂ ᠪᠠᠶᠠᠨᠮᠣᠳᠣ ᠭᠠᠴᠠᠭ᠎ᠠ ᠶᠢᠨ ᠨᠠᠮ ᠤᠨ ᠡᠭᠦᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠥᠷᠨᠢᠭᠦᠯᠵᠡᠢ᠃ | | | ᠬᠤᠷᠠᠯ ᠠᠴᠠ ︽ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ | ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠢᠭᠤᠳ ᠤᠳᠤᠷᠢᠳᠤᠯᠭ᠎ᠠ ᠶᠢᠨ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ | ᠬᠤᠷᠢᠶᠠᠨ ᠤ ᠳᠡᠮᠵᠢᠯᠭᠡ ᠶᠢᠨ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ | ᠭᠠᠷᠤᠭᠰᠠᠨ ᠬᠦᠨᠳᠦ ᠶᠡᠭᠡ ᠠᠳᠡᠭᠦᠦ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ | ᠵᠠᠯᠠᠷᠠᠭᠤᠯᠤᠭᠰᠠᠨ ᠶᠤᠮ᠃ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ | ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ᠃ | ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠨᠠᠮ ᠤᠨ ᠦᠭᠡ ᠶᠢ | ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠶᠤᠮ᠃︾ ᠭᠡᠬᠦ ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ | ᠪᠠ ᠶᠣᠰᠣ ᠤᠴᠢᠷ ᠵᠢᠴᠢ ︽ᠨᠢᠭᠡ ᠳᠠᠩᠰᠠ︾᠂ ︽ᠪᠦᠬᠦᠨ ᠳᠤ ᠲᠣᠬᠢᠷᠠᠬᠤ ᠺᠠᠷᠲ︾ ᠵᠡᠷᠭᠡ ᠠᠭᠤᠯᠭ᠎ᠠ ᠶᠢ | ᠰᠤᠷᠤᠯᠴᠠᠵᠤ᠂ ᠠᠯᠠᠱᠠ ᠵᠡᠭᠦᠨ ᠬᠤᠰᠢᠭᠤᠨ ᠤ ︽ᠭᠤᠷᠪᠠᠨ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠤᠯᠤᠰ ᠠᠴᠠ ᠵᠢᠯ ᠪᠦᠷᠢ ᠤᠯᠠᠨ ᠲᠦᠮᠡᠨ ᠳᠤ ᠬᠡᠳᠦᠢ ᠨᠥᠬᠦᠪᠦᠷᠢ ᠥᠭᠭᠦᠭᠰᠡᠨ᠂ ᠶᠠᠮᠠᠷ ᠨᠥᠬᠦᠪᠦᠷᠢ ᠥᠭᠭᠦᠭᠰᠡᠨ ᠢ | ᠤᠯᠠᠨ ᠳᠤ ᠣᠶᠢᠯᠠᠭᠠᠭᠤᠯᠵᠤ᠂ 2024 ᠣᠨ ᠤ ᠠᠯᠠᠱᠠ ᠵᠡᠭᠦᠨ ᠬᠤᠰᠢᠭᠤᠨ ᠤ ᠬᠥᠭᠵᠢᠯᠲᠡ ᠶᠢᠨ ᠴᠢᠭᠯᠡᠯ ᠪᠠ | ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠪᠠ᠃ |