ᠣᠯᠠᠨᠪᠤᠯᠠᠭ ᠬᠠᠶᠢᠷ᠎ᠠ ᠬᠠᠯᠠᠮᠵᠢ ᠶᠢ ᠬᠦᠷᠭᠡᠪᠡ
ᠨᠡᠶᠢᠲᠡᠯᠡᠭᠰᠡᠨ ᠴᠠᠭ᠄
2024/3/18
       ᠬᠦᠴᠢᠷᠳᠡᠯᠲᠡᠢ ᠣᠯᠠᠨ ᠲᠦᠮᠡᠨ ᠳᠤ ᠪᠠᠶᠠᠷ ᠬᠥᠷ ᠲᠠᠢ᠂ ᠥᠯᠵᠡᠢ ᠪᠡᠯᠭᠡ ᠲᠠᠢ᠂ ᠬᠠᠯᠠᠭᠤᠨ ᠳᠤᠯᠠᠭᠠᠨ ᠪᠠᠶᠠᠷ ᠤᠨ ᠡᠳᠦᠷ ᠢ ᠡᠳ᠋ᠯᠡᠭᠦᠯᠬᠦ ᠵᠣᠷᠢᠯᠭ᠎ᠠ ᠪᠠᠷ᠂ ᠣᠯᠠᠨᠪᠤᠯᠠᠭ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠣᠶᠢᠷ᠎ᠠ ᠶᠢᠨ ᠡᠳᠦᠷ ᠤᠳ ᠲᠤ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ᠂ ᠳᠠᠭᠠᠭᠠᠴᠢᠯᠠᠭᠰᠠᠨ ᠨᠢᠭᠡᠴᠢ ᠶᠢᠨ ᠤᠳᠤᠷᠢᠳᠤᠯᠭ᠎ᠠ ᠪᠣᠯᠣᠨ ᠭᠠᠴᠠᠭᠠᠨ ᠤ ᠬᠠᠷᠢᠭᠤᠴᠠᠯᠭᠠᠲᠠᠳ ᠲᠣᠬᠤᠨᠢᠭᠤᠯᠬᠤ ᠳᠤᠭᠤᠶᠢᠯᠠᠩ ᠪᠠᠶᠢᠭᠤᠯᠵᠤ᠂ ᠡᠪᠡᠳᠴᠢᠨ ᠤ ᠰᠢᠯᠲᠠᠭᠠᠨ ᠭᠠᠮᠰᠢᠭ ᠎ ᠠᠴᠠ ᠪᠣᠯᠵᠤ ᠠᠮᠢᠳᠤᠷᠠᠯ ᠨᠢ ᠬᠦᠴᠢᠷᠲᠡᠢ ᠪᠣᠯᠤᠭᠰᠠᠨ ᠭᠡᠷ ᠪᠦᠯᠢ᠂ ᠵᠡᠮᠳᠡᠭᠴᠦᠳ᠂ ᠠᠮᠢᠳᠤᠷᠠᠯ ᠤᠨ ᠨᠠᠭᠠᠲᠤ ᠵᠠᠬ᠎ᠠ ᠎ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠪᠣᠯᠣᠨ ᠥᠨᠥᠴᠢᠨ ᠪᠡᠯᠪᠡᠰᠦᠨ ᠨᠠᠰᠤᠲᠠᠳ ᠢ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠪᠣᠯᠣᠨ ᠪᠠᠶᠠᠷ ᠤᠨ ᠡᠳᠦᠷ ᠤᠨ ᠢᠷᠦᠭᠡᠯ ᠳᠡᠪᠰᠢᠭᠦᠯᠵᠡᠢ᠃
     ᠲᠣᠬᠤᠨᠢᠭᠤᠯᠬᠤ ᠳᠤᠭᠤᠶᠢᠯᠠᠩ ᠤᠨ ᠬᠢᠨ ᠨᠢᠭᠡ ᠡᠷᠦᠬᠡ ᠳᠤ ᠬᠦᠷᠬᠦ ᠪᠦᠷᠢ᠂ ᠪᠦᠷ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠬᠠᠯᠠᠭᠤᠨ ᠳᠤᠯᠠᠭᠠᠨ ᠢ ᠨᠢ ᠬᠠᠯᠠᠮᠵᠢᠯᠠᠨ ᠠᠰᠠᠭᠤᠵᠤ᠂ ᠲᠡᠳᠡᠨ ᠤ ᠠᠮᠢᠳᠤᠷᠠᠯ ᠤᠨ ᠪᠠᠶᠢᠳᠠᠯ ᠵᠢᠴᠢ ᠪᠡᠶ᠎ᠡ ᠮᠠᠬᠠᠪᠤᠳ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠠᠮᠢᠳᠤᠷᠠᠯ᠂ ᠡᠮ ᠡᠮᠨᠡᠯᠭᠡ ᠂ ᠠᠵᠢᠯ ᠣᠯᠭᠤᠯᠲᠠ ᠪᠠ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠢ ᠣᠶᠢᠯᠠᠭᠠᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠨ᠂ ᠪᠠᠶᠠᠰᠤᠩᠭᠤᠢ ᠥᠭᠡᠳᠡᠷᠬᠡᠭ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠬᠦᠴᠢᠷ ᠪᠡᠷᠬᠡᠰᠢᠶᠡᠯ ᠳᠤ ᠵᠣᠷᠢᠭᠲᠠᠢ ᠪᠠᠷ ᠬᠠᠨᠳᠤᠵᠤ᠂ ᠣᠳᠣᠬᠠᠨ ᠤ ᠨᠠᠮ ᠪᠠ ᠵᠠᠰᠠᠭ ᠤᠨ ᠣᠷᠳᠣᠨ ᠤ ᠠᠷᠠᠳ ᠢ ᠪᠠᠶᠠᠵᠢᠭᠤᠯᠬᠤ ᠰᠠᠶᠢᠨ ᠲᠦᠷᠦ ᠶᠢᠨ ᠪᠣᠳᠣᠯᠭ᠎ᠠ ᠳᠤ ᠲᠦᠰᠢᠭᠯᠡᠨ᠂ ᠢᠯᠡᠭᠦᠬᠡᠨ ᠠᠷᠭ᠎ᠠ ᠪᠤᠳᠤᠵᠤ᠂ ᠠᠷᠭ᠎ᠠ ᠵᠠᠮ ᠢ ᠥᠷᠭᠡᠨ ᠢᠶᠠᠷ ᠨᠡᠭᠡᠭᠡᠵᠦ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠶᠠᠨ ᠴᠢᠷᠮᠠᠶᠢᠨ ᠰᠠᠶᠢᠵᠢᠷᠠᠭᠤᠯᠬᠤ ᠶᠢ ᠵᠣᠷᠢᠭᠵᠢᠭᠤᠯᠪᠠ᠃      ᠲᠣᠰ ᠤᠳᠠᠭᠠᠨ ᠤ ᠠᠵᠢᠯᠯᠠᠭ᠎ᠠ ᠳᠤ ᠠᠮᠢᠳᠤᠷᠠᠯ ᠨᠢ ᠬᠦᠴᠢᠷᠳᠡᠯ ᠲᠠᠢ 20 ᠡᠷᠦᠬᠡ ᠶᠢ ᠲᠣᠬᠤᠨᠢᠭᠤᠯᠵᠤ᠂ ᠠᠮᠤ ᠪᠤᠳᠠᠭᠠᠨ ᠤ ᠭᠤᠯᠢᠷ ᠲᠣᠰᠣ ᠵᠡᠷᠭᠡ ᠠᠮᠢᠳᠤᠷᠠᠯ ᠤᠨ ᠡᠳ᠋ ᠪᠣᠳᠠᠰ ᠢ 8000 ᠭᠠᠷᠤᠢ ᠲᠥᠭᠦᠷᠢᠭ ᠲᠦᠭᠡᠭᠡᠵᠡᠢ᠂ ᠡᠨᠡ ᠨᠢ ᠵᠥᠪᠬᠡᠨ ᠡᠳ᠋ ᠪᠣᠳᠠᠰ ᠤᠨ ᠲᠠᠯ᠎ᠠ ᠪᠠᠷ ᠬᠢ ᠳᠡᠮᠵᠢᠯᠭᠡ ᠲᠡᠳᠦᠢ ᠪᠢᠰᠢ᠂ ᠨᠠᠩ ᠴᠤ ᠬᠠᠯᠠᠮᠵᠢᠯᠠᠯ ᠪᠠ ᠬᠠᠶᠢᠷ᠎ᠠ ᠶᠢᠨ ᠳᠠᠮᠵᠢᠭᠤᠯᠭ᠎ᠠ ᠪᠣᠯᠬᠤ ᠶᠤᠮ᠃ ᠮᠡᠨᠳᠦᠴᠢᠯᠡᠯ ᠤᠨ ᠦᠭᠡ᠂ ᠢᠨᠢᠶᠡᠮᠰᠦᠭᠯᠡᠯ ᠤᠨ ᠦᠭᠡ᠂ ᠶᠠᠷᠢᠯᠴᠠᠭ᠎ᠠ ᠎ ᠨᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠭᠦᠢᠴᠡᠳ ᠬᠠᠷᠠᠭᠤᠯᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠡᠮᠡᠭᠳᠡᠭᠦᠯᠵᠦ᠂ ᠣᠯᠠᠨ ᠲᠦᠮᠡᠨ ᠤ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠣᠯᠠᠨᠪᠤᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号